2020 ᠣᠨ ᠳᠤ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠦᠷᠡᠵᠢᠭᠦᠯᠦᠨ ᠭᠠᠷᠭᠠᠬᠤ ᠠᠵᠢᠯᠯᠠᠭ᠎ᠠ ᠰᠢᠩ ᠾᠧ ᠰᠢᠶᠠᠨ ᠤ ᠴᠠᠷ ᠨᠠᠭᠤᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2020/10/26
     2020 ᠣᠨ ᠳᠤ᠂ ᠰᠢᠩ ᠾᠧ ᠰᠢᠶᠠᠨ ᠤ 3000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠨᠡᠶᠢᠲᠡ 12 ᠪᠠᠶᠢᠵᠤ᠂ ᠨᠡᠶᠢᠲᠡ 21.78 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠬᠤ ᠪᠠᠷ ᠲᠥᠯᠥᠪᠯᠡᠵᠦ ᠪᠣᠶ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 12.68 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2020 ᠤᠨ ᠠᠴᠠ 10 ᠰᠠᠷ᠎ᠠ ᠪᠣᠯᠲᠠᠯ᠎ᠠ 11.11 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠠᠢ᠃ ᠦᠷᠭᠦᠯᠵᠢᠯᠡᠨ ᠪᠠᠶᠢᠭᠤᠯᠬᠤ ᠲᠥᠷᠥᠯ ᠵᠦᠢᠯ 6 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 14.41 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 7.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2020 ᠣᠨ ᠤ 1 — 10 ᠰᠠᠷ᠎ᠠ ᠳᠤ 3.88 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ ᠰᠢᠨ᠎ᠡ ᠪᠠᠷ ᠪᠠᠶᠢᠭᠤᠯᠬᠤ ᠲᠥᠷᠥᠯ ᠵᠦᠢᠯ 6 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 9.71 ᠳ᠋ᠦᠩᠰᠢᠭᠤᠷ ᠲᠥᠭᠦᠷᠢᠭ ᠪᠠᠶᠢᠵᠤ᠂ 1 — 10 ᠳ᠋ᠤᠭᠠᠷ ᠰᠠᠷ᠎ᠠ ᠳᠤ 7.23 ᠳ᠋ᠦᠩᠰᠢᠭᠤᠷ ᠲᠥᠭᠦᠷᠢᠭ ᠤᠨ ᠤ 10 ᠰᠠᠷ᠎ᠠ ᠶᠢᠨ 23 ᠤ ᠡᠳᠦᠷ᠂ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠮᠲᠤᠷᠠᠨ ᠡᠷᠭᠢᠯᠡᠭᠰᠡᠨ 2020 ᠣᠨ ᠤ ᠤᠰᠤᠨ ᠤ ᠠᠮᠢᠳᠤ ᠪᠤᠳᠠᠰ ᠤᠨ ᠡᠬᠢ ᠪᠠᠶᠠᠯᠢᠭ ᠢ ᠦᠷᠡᠵᠢᠭᠦᠯᠦᠨ ᠭᠠᠷᠭᠠᠬᠤ ᠠᠵᠢᠯᠯᠠᠭ᠎ᠠ ᠰᠢᠩ ᠾᠧ ᠰᠢᠶᠠᠨ ᠤ ᠴᠠᠷ ᠨᠠᠭᠤᠷ ᠲᠤ ᠶᠠᠪᠤᠭᠳᠠᠪᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠦᠷᠲᠡᠭᠡ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠬᠤᠲᠠ ᠶᠢᠨ ᠠᠯᠪᠠᠨ ᠭᠡᠷᠡᠴᠢᠯᠡᠭᠡ ᠶᠢᠨ ᠭᠠᠵᠠᠷ ᠤᠨ ᠠᠯᠪᠠᠨ ᠭᠡᠷᠡᠴᠢᠯᠡᠭᠡ ᠶᠢᠨ ᠠᠵᠢᠯᠲᠠᠨ ᠲᠣᠰ ᠤᠳᠠᠭᠠᠨ ᠤ ᠵᠢᠭᠠᠰ ᠤᠨ ᠤ ᠴᠢᠬᠢ ᠶᠢᠨ ᠲᠥᠷᠥᠯ ᠵᠦᠢᠯ ᠢ ᠲᠠᠯᠪᠢᠬᠤ ᠠᠵᠢᠯᠯᠠᠭ᠎ᠠ ᠳᠤ ᠠᠯᠪᠠᠨ ᠭᠡᠷᠡᠴᠢᠯᠡᠭᠡ ᠶᠢᠨ ᠬᠢᠨᠠᠯᠲᠠ ᠲᠠᠯᠪᠢᠪᠠ᠃      ᠴᠠᠷ ᠨᠠᠭᠤᠷ ᠪᠣᠯ ᠶᠦᠩ ᠳ᠋ᠢᠩ ᠾᠧ ᠭᠤᠤᠯ ᠤᠨ ᠰᠠᠯᠪᠤᠷᠢ ᠤᠷᠤᠰᠬᠠᠯ ᠤᠨ ᠳ᠋ᠦᠩ ᠶᠠᠩ ᠾᠧ ᠭᠤᠤᠯ ᠤᠨ ᠳᠡᠭᠡᠳᠦ ᠤᠷᠤᠰᠬᠠᠯ ᠳᠤ ᠪᠠᠶᠢᠷᠢᠯᠠᠵᠤ᠂ ᠰᠢᠩ ᠾᠧ ᠰᠢᠶᠠᠨ ᠤ ᠠᠮᠢ ᠠᠬᠤᠶ ᠶᠢᠨ ᠪᠣᠬᠢᠷᠲᠤᠯ ᠦᠭᠡᠶ ᠵᠢᠭᠠᠰᠤᠨ ᠠᠵᠤ ᠠᠬᠤᠶ ᠶᠢᠨ ᠤᠶᠢᠯᠡᠳᠪᠤᠷᠢᠯᠡᠯ ᠤᠨ ᠴᠢᠬᠤᠯᠠ ᠰᠠᠭᠤᠷᠢᠨ ᠭᠠᠵᠠᠷ ᠪᠣᠯᠤᠨ᠎ᠠ᠃ ᠡᠨᠡ ᠤᠳᠠᠭᠠᠨ ᠤ ᠦᠷᠡᠵᠢᠭᠦᠯᠦᠨ ᠭᠠᠷᠭᠠᠬᠤ ᠠᠵᠢᠯᠯᠠᠭ᠎ᠠ ᠨᠢ ᠴᠠᠷ ᠨᠠᠭᠤᠷ ᠲᠤ ᠨᠡᠶᠢᠲᠡ 7250 ᠺᠢᠯᠣᠭ᠍ᠷᠠᠮ 29 ᠲᠦᠮᠡᠨ ᠵᠢᠷᠠᠭᠠᠬᠠᠶ ᠲᠠᠯᠪᠢᠵᠠᠶ᠃ ᠡᠭᠦᠨ ᠤ ᠳᠣᠲᠣᠷ᠎ᠠ ᠳᠠᠬᠤ ᠵᠢᠭᠠᠰᠤ 4750 ᠺᠢᠯᠣᠭ᠍ᠷᠠᠮ᠂ 19 ᠲᠦᠮᠡᠨ ᠰᠡᠭᠦᠯ ᠲᠠᠢ ᠡᠪᠡᠰᠦᠨ ᠵᠢᠭᠠᠰᠤ 2500 ᠺᠢᠯᠣᠭ᠍ᠷᠠᠮ᠂ 10 ᠲᠦᠮᠡᠨ ᠰᠡᠭᠦᠯ ᠲᠠᠯᠪᠢᠭᠳᠠᠭᠰᠠᠨ ᠵᠢᠭᠠᠰᠤᠨ ᠤ ᠲᠥᠷᠥᠯ ᠤᠨ ᠬᠡᠪ ᠪᠠᠷᠢᠮᠵᠢᠶ᠎ᠠ ᠨᠢ ᠵᠢᠭᠠᠰᠤᠨ ᠤ ᠰᠡᠭᠦᠯ ᠤᠨ ᠬᠦᠨᠳᠦ ᠨᠢ 25 ᠭᠷᠠᠮ ᠲᠤ ᠬᠦᠷᠴᠦ᠂ ᠪᠦᠬᠦ ᠤᠷᠲᠤ ᠨᠢ 9 ᠰᠠᠨᠲ᠋ᠢᠮᠧᠳ᠋ᠷ ᠣᠷᠴᠢᠮ︔ ᠡᠪᠡᠰᠦᠨ ᠵᠢᠭᠠᠰᠤᠨ ᠤ ᠰᠡᠭᠦᠯ ᠤᠨ ᠬᠦᠨᠳᠦ ᠨᠢ 25 ᠭᠷᠠᠮ ᠣᠷᠴᠢᠮ ᠬᠦᠷᠴᠦ᠂ ᠪᠥᠬᠦ ᠣᠷᠳᠣ ᠨᠢ 10 ᠰᠠᠨᠲ᠋ᠢᠮᠧᠳ᠋ᠷ ᠣᠷᠴᠢᠮ ᠪᠠᠶᠢᠳᠠᠭ᠃       ᠲᠣᠰ ᠤᠳᠠᠭᠠᠨ ᠤ ᠠᠵᠢᠯᠯᠠᠭ᠎ᠠ ᠨᠢ ᠵᠢᠭᠠᠰᠤᠨ ᠠᠵᠤ ᠠᠬᠤᠶ ᠶᠢᠨ ᠤᠰᠤᠨ ᠣᠷᠣᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠵᠦᠶ ᠵᠣᠬᠢᠰᠲᠠᠶ ᠠᠰᠢᠭᠯᠠᠵᠤ᠂ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠠᠮᠢ ᠠᠬᠤᠶ ᠶᠢᠨ ᠲᠡᠭᠴᠡᠭᠦᠷᠢ ᠶᠢ ᠬᠠᠮᠠᠭᠠᠯᠠᠬᠤ ᠳᠤ ᠢᠳᠡᠪᠬᠢᠲᠡᠶ ᠤᠶᠢᠯᠡᠳᠤᠯ ᠦᠵᠡᠭᠦᠯᠪᠡ᠃                                          ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3