2020 ᠣᠨ ᠤ 10 ᠰᠠᠷ᠎ᠠ ᠳᠤ ᠰᠢᠩ ᠾᠧ ᠰᠢᠶᠠᠨ ᠤ ᠭᠤᠤᠯ ᠪᠣᠯᠬᠤ ᠠᠵᠤ ᠠᠬᠤᠶ ᠶᠢᠨ ᠭᠦᠢᠴᠠᠳᠭᠡᠯ  ᠲᠤᠭ᠎ᠠ ᠶᠢ ᠪᠡᠶᠡᠯᠡᠭᠦᠯᠥᠭᠰᠡᠨ ᠪᠠᠶᠢᠳᠠᠯ
ᠨᠡᠶᠢᠲᠡᠯᠡᠭᠰᠡᠨ ᠴᠠᠭ᠄
2020/11/16
      10 ᠰᠠᠷ᠎ᠠ ᠳᠤ᠂ ᠰᠢᠩ ᠾᠧ ᠰᠢᠶᠠᠨ ᠤ ᠪᠥᠬᠦ ᠰᠢᠶᠠᠨ ᠤ ᠭᠠᠵᠠᠷ ᠣᠷᠣᠨ ᠤ ᠤᠶᠢᠯᠡᠳᠪᠤᠷᠢᠯᠡᠯ ᠤᠨ ᠪᠥᠬᠦ ᠥᠷᠲᠡᠭ 42.73 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ᠃ ᠲᠣᠰ ᠲᠣᠰ ᠨᠢᠭᠡᠳᠦᠭᠡᠷ ᠠᠵᠤ ᠤᠶᠢᠯᠡᠰ 10.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ︔ ᠬᠤᠶᠠᠳᠤᠭᠠᠷ ᠠᠵᠤ ᠤᠶᠢᠯᠡᠰ 11.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠨᠡᠮ ᠡᠭᠳᠡᠪᠡ︔ ᠭᠤᠷᠪᠠᠳᠤᠭᠠᠷ ᠠᠵᠤ ᠤᠶᠢᠯᠡᠰ 21.03 ᠳ᠋ᠦᠩᠰᠢᠭᠤᠷ ᠲᠥᠭᠦᠷᠢᠭ︔ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠶᠡᠷᠦᠩᠬᠡᠶ ᠦᠷᠲᠡᠭ ᠢ 47.08 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ 9.64 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 8.9 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 23831 ᠲᠥᠭᠦᠷᠢᠭ ᠪᠠ 8247 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.6% ᠪᠠ 1.2% ᠢᠶᠠᠷ ᠨᠡᠮᠡᠭᠳᠡᠪᠡ︔ ᠨᠢᠭᠡᠴᠢ ᠠᠵᠢᠯᠯᠠᠵᠤ ᠪᠠᠶᠢᠭ᠎ᠠ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ 6830 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ︔ 10 ᠰᠠᠷ᠎ᠠ ᠳᠤ ᠰᠢᠩ ᠾᠧ ᠰᠢᠶᠠᠨ ᠤ ᠠᠵᠤ ᠠᠬᠤᠢ ᠶᠢᠨ ᠬᠡᠳᠦᠨ ᠵᠦᠢᠯ ᠤᠨ ᠭᠤᠣᠯ ᠭᠦᠢᠴᠡᠳᠬᠡᠬᠦ ᠲᠤᠭ᠎ᠠ ᠴᠥᠮ ᠨᠡᠮᠡᠭᠳᠡᠵᠦ᠂ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠶᠡᠷᠦᠩᠬᠡᠶ ᠦᠷᠳᠡᠭ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠰᠠᠶᠢᠨ ᠪᠠᠶᠢᠵᠤ᠂ ᠠᠵᠤ ᠠᠬᠤᠶᠢᠯᠠᠯ ᠤᠨ ᠤᠶᠢᠯᠡᠳᠪᠤᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠪᠡ᠃                                                              ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3