ᠮᠠᠨ ᠤ ᠰᠢᠶᠠᠨ ︽ᠪᠣᠯᠪᠠᠰᠤᠨ ᠲᠠᠬᠢᠯᠭ᠎ᠠ ᠬᠢᠵᠦ ᠪᠣᠬᠢᠷᠲᠤᠯ ᠦᠭᠡᠢ ᠣᠷᠴᠢᠨ ᠲᠣᠭᠤᠷᠢᠨ ᠢ ᠡᠭᠦᠳᠬᠦ ᠶᠢ  ᠰᠠᠨᠠᠭᠠᠴᠢᠯᠠᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠡᠭᠡ ᠶᠢᠨ ᠤᠬᠠᠭᠤᠯᠭ᠎ᠠ ᠶᠢᠨ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/17
     11 ᠰᠠᠷ᠎ᠠ ᠶᠢᠨ 14᠎ ᠤ ᠡᠳᠦᠷ᠂ 15᠎ ᠤ ᠡᠳᠦᠷ᠂ ᠤᠯᠠᠮᠵᠢᠯᠠᠯᠲᠤ ᠪᠠᠶᠠᠷ ᠤᠨ ᠡᠳᠦᠷ ᠤᠨ ︽ᠡᠪᠦᠯ ᠤᠨ ᠬᠤᠪᠴᠠᠰᠤ︾ ᠬᠦᠷᠴᠦ ᠢᠷᠡᠬᠦ ᠦᠶ᠎ᠡ ᠳᠤ᠂ ᠰᠢᠩ ᠾᠧ ᠰᠢᠶᠠᠨ ᠤ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠭᠡᠮᠯᠢᠭ ᠰᠢᠶᠠᠨ ᠤ ᠤᠢ ᠰᠢᠭᠤᠢ ᠪᠠ ᠲᠠᠯ᠎ᠠ ᠨᠤᠲᠤᠭ ᠤᠨ ᠲᠤᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠠᠢ ︽ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠡᠭᠦᠳᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠪᠠ ᠪᠣᠯᠪᠠᠰᠤᠨ ᠤ ᠲᠠᠬᠢᠯᠭ᠎ᠠ ᠪᠠᠷ ᠭᠤᠣᠯ ᠠᠭᠤᠯᠠᠨ᠎ᠠ ᠪᠣᠯᠭᠠᠵᠤ᠂ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠳᠣᠤᠷ᠎ᠠ ᠨᠡᠭᠦᠷᠡᠰᠦᠲᠥ᠋ᠷᠥᠭᠴᠢᠲᠦ ᠲᠠᠬᠢᠯᠭ᠎ᠠ ᠬᠢᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠳᠡᠯ ᠤᠨ ᠳᠠᠯᠳᠠ ᠭᠡᠮ ᠢ ᠬᠤᠷᠢᠭᠯᠠᠵᠤ᠂ ᠠᠭᠠᠷ ᠮᠠᠨᠳᠠᠯ ᠤᠨ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠵᠠᠰᠠᠵᠤ᠂ ᠪᠦᠬᠦ ᠰᠢᠶᠠᠨ ᠤ ᠣᠷᠴᠢᠨ ᠠᠬᠤᠶ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃      ᠠᠵᠢᠯᠯᠠᠭ᠎ᠠ ᠨᠢ ᠪᠦᠬᠦ ᠰᠢᠶᠠᠨ ᠤ ᠭᠤᠤᠯ ᠪᠣᠯᠬᠤ ᠬᠤᠲᠠ ᠠᠴᠠ ᠭᠠᠷᠬᠤ ᠵᠠᠮ ᠪᠣᠯᠤᠨ ᠭᠤᠤᠯᠳᠠᠯᠭ᠎ᠠ ᠲᠠᠢ ᠠᠮᠢ ᠠᠬᠤᠢ ᠶᠢᠨ ᠲᠣᠭᠤᠷᠢᠭ ᠲᠤ ᠨᠡᠶᠢᠲᠡ 11 ᠺᠠᠷᠲ ᠭᠠᠷᠭᠠᠵᠠᠶ᠃ ᠠᠵᠢᠯᠲᠠᠨ ᠲᠣᠬᠢᠷᠠᠭᠤᠯᠵᠤ ᠨᠠᠰᠢ ᠴᠠᠰᠢ ᠶᠠᠪᠤᠬᠤ ᠲᠡᠷᠭᠡ ᠬᠥᠰᠬᠡ ᠳᠤ ᠪᠠᠶᠢᠴᠠᠭᠠᠯᠲᠠ ᠬᠢᠯᠭᠡᠵᠦ᠂ ᠬᠤᠩᠭᠤᠷ ᠴᠠᠭᠠᠰᠤ᠂ ᠬᠤᠩᠭᠤᠷ ᠵᠣᠭᠤᠰ᠂ ᠫᠤᠤᠵᠢᠩ ᠫᠤᠤ ᠂ ᠴᠠᠭᠠᠰᠤ ᠵᠡᠷᠭᠡ ᠶᠢ ᠠᠪᠴᠤ ᠶᠠᠪᠤᠵᠤ ᠪᠣᠯᠬᠤ ᠦᠭᠡᠢ᠂ ᠪᠣᠢ ᠪᠦᠬᠦᠢ ᠳᠠᠬᠢᠯᠭ᠎ᠠ ᠶᠢᠨ ᠬᠡᠷᠡᠭᠰᠡᠯ ᠢ ᠬᠤᠷᠢᠶᠠᠨ ᠠᠪᠤᠨ᠎ᠠ᠃ ᠲᠡᠷᠡᠴᠢᠯᠡᠨ ᠨᠠᠰᠢ ᠴᠠᠰᠢ ᠶᠠᠪᠤᠬᠤ ᠲᠡᠷᠭᠡ ᠪᠠ ᠶᠠᠪᠠᠭᠠᠨ ᠬᠥᠮᠦᠨ ᠳᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ᠂ ᠬᠦᠵᠢ ᠠᠰᠠᠭᠠᠵᠤ ᠴᠠᠭᠠᠰᠤ ᠰᠢᠲᠠᠭᠠᠬᠤ ᠬᠠᠭᠤᠴᠢᠨ ᠤᠯᠠᠮᠵᠢᠯᠠᠯ ᠢ ᠤᠬᠠᠮᠰᠠᠷ ᠠᠴᠠ ᠪᠠᠨ ᠲᠠᠶᠠᠭᠳᠠᠭᠤᠯᠵᠤ᠂ ᠳᠣᠤᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ ᠬᠠᠮᠠᠭᠠᠯᠠᠬᠤ ᠪᠣᠯ ᠪᠠᠰᠤᠨ ᠠᠷᠭ᠎ᠠ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠵᠦ᠂ ᠤᠷᠢᠳᠤᠬᠢ ᠬᠥᠮᠦᠰ ᠢᠶᠠᠨ ᠳᠤᠷᠠᠰᠤᠨ ᠰᠠᠨᠠᠭᠠᠯᠵᠠᠨ᠎ᠠ᠃      ᠡᠨᠡ ᠤᠳᠠᠭᠠᠨ ᠤ ᠠᠵᠢᠯᠯᠠᠭ᠎ᠠ ᠨᠢ ᠠᠷᠠᠳ ᠣᠯᠠᠨ ᠤ ᠠᠮᠢ ᠠᠬᠤᠢ ᠶᠢᠨ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯ ᠵᠦ᠂ ᠪᠣᠯᠪᠠᠰᠤᠨ ᠲᠠᠬᠢᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠣᠢ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠳᠠᠷᠠᠭᠠᠴᠢ ᠶᠢᠨ ᠠᠯᠬᠤᠮ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠷᠲᠤ ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃                                                    ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3