2020 ᠣᠨ ᠤ 10 ᠰᠠᠷ᠎ᠠ ᠳᠤ ᠰᠢᠩ ᠾᠧ ᠰᠢᠶᠠᠨ ᠤ 18 ᠲᠦᠷᠢᠮ ᠲᠣᠭᠲᠠᠭᠠᠯ ᠳᠤ ᠠᠵᠤ  ᠤᠶᠢᠯᠡᠳᠪᠤᠷᠢ ᠶᠢᠨ ᠠᠵᠤ ᠠᠬᠤᠶᠢᠯᠡᠯ ᠤᠨ ᠤᠶᠢᠯᠡᠳᠪᠤᠷᠢᠯᠡᠯ ᠤᠨ ᠶᠡᠷᠦᠩᠬᠡᠶ ᠥᠷᠲᠡᠭ 4.72  ᠳ᠋ᠦᠩᠰᠢᠭᠤᠷ ᠲᠥᠭᠦᠷᠢᠭ ᠬᠦᠷᠴᠡᠶ
ᠨᠡᠶᠢᠲᠡᠯᠡᠭᠰᠡᠨ ᠴᠠᠭ᠄
2020/11/17
      2020 ᠣᠨ ᠤ 1 — 10 ᠰᠠᠷ᠎ᠠ ᠳᠤ᠂ ᠰᠢᠩ ᠾᠧ ᠰᠢᠶᠠᠨ ᠤ 18 ᠲᠣᠭᠲᠠᠭᠠᠯ ᠳᠡᠭᠡᠷᠡᠬᠢ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠶᠡᠷᠦᠩᠬᠡᠶ ᠥᠷᠲᠡᠭ 47.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.22 % ᠪᠠᠷ ᠨᠡᠮᠡᠭᠳᠡᠪᠡ᠃ 10 ᠰᠠᠷ᠎ᠠ ᠶᠢᠨ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠢ 4.72 ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠳᠤ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠤᠶᠢᠯᠡᠳᠭᠦᠨ ᠤ ᠥᠷᠲᠡᠭ ᠨᠢ 2.01 ᠳ᠋ᠦᠩᠰᠢᠭᠤᠷ ᠲᠥᠭᠦᠷᠢᠭ ᠪᠣᠯᠤᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠤᠶᠢᠯᠡᠳᠭᠦᠨ ᠤ ᠥᠷᠲᠡᠭ 0.77 ᠳ᠋ᠦᠩᠰᠢᠭᠤᠷ ᠲᠥᠭ ᠥᠷᠢᠭ᠂ ᠪᠠᠯ ᠴᠢᠯᠠᠭᠤᠨ ᠠᠵᠢᠯ ᠲᠥᠷᠥᠯ ᠤᠨ ᠠᠵᠤ ᠠᠬᠤᠶᠢᠯᠠᠯ ᠤᠨ ᠤᠶᠢᠯᠡᠳᠭᠦᠨ ᠤ ᠥᠷᠲᠡᠭ 0.78 ᠳ᠋ᠦᠩᠰᠢᠭᠤᠷ ᠲᠥᠭ ᠥᠷᠢᠭ ᠲᠤ ᠬᠦᠷᠴᠦ᠂ @@ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠠᠵᠤ ᠠᠬᠤᠶᠢᠯᠠᠯ ᠤᠨ ᠤᠶᠢᠯᠡᠳᠭᠦᠨ ᠤ ᠦᠷᠲᠡᠭ 0.86 ᠳ᠋ᠦᠩᠰᠢᠭᠤᠷ ᠲᠥᠭᠦᠷᠢᠭ᠂ ᠢᠯᠴᠢ ᠬᠠᠩᠭᠠᠬᠤ ᠠᠵᠢᠯ ᠲᠦᠷᠦᠯ ᠤᠨ ᠠᠵᠤ ᠠᠬᠤᠶᠢᠯᠠᠯ ᠤᠨ ᠤᠶᠢᠯᠡᠳᠭᠦᠨ ᠤ ᠦᠷᠲᠡᠭ 0.16 ᠳ᠋ᠦᠩᠰᠢᠭᠤᠷ ᠲᠥᠭᠦᠷᠢᠭ ᠲᠤ ᠬᠦᠷᠴᠡᠶ᠃ ᠪᠤᠰᠤᠳ ᠠᠵᠢᠯ ᠲᠥᠷᠥᠯ ᠤᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ 0.14 ᠪᠣᠯᠤᠨ᠎ᠠ᠃ ᠡᠭᠦᠨ ᠳᠤ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ ᠠᠵᠤ ᠤᠶᠢᠯᠡᠳᠪᠤᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ᠳᠣᠲᠣᠷ᠎ᠠ 42. 6% ᠶᠢ ᠡᠵᠡᠯᠡᠵᠦ᠂ ᠲᠤᠰ ᠠᠵᠢᠯ ᠲᠥᠷᠥᠯ ᠨᠢ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ᠳᠤᠮᠳᠠ ᠨᠡᠯᠢᠶᠡᠳ ᠬᠦᠨᠳᠦ ᠶᠢ ᠡᠵᠡᠯᠡᠵᠦ ᠪᠠᠶᠢᠭ᠎ᠠ ᠨᠢ ᠰᠢᠩ ᠾᠧ ᠰᠢᠶᠠᠨ ᠤ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠡᠪᠰᠢᠵᠤ ᠪᠠᠶᠢᠬᠤ ᠪᠠ ᠨᠠᠮᠤᠷ ᠡᠪᠦᠯ ᠤᠨ ᠤᠯᠠᠷᠢᠯ ᠤᠨ ᠰᠡᠷᠭᠡᠶᠢᠯᠡᠯᠲᠡ ᠶᠢᠨ ᠬᠤᠭᠤᠴᠠᠭᠠᠨ ᠳᠤ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠪᠠᠶᠢᠳᠠᠯ ᠰᠠᠶᠢᠨ ᠪᠠᠶᠢᠬᠤ ᠶᠢ ᠬᠠᠷᠠᠭᠤᠯᠵᠤ ᠪᠠᠶᠢᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠥᠷᠲᠡᠭ ᠲᠣᠭᠲᠠᠭᠤᠨ ᠢᠶᠠᠷ ᠳᠡᠭᠡᠭᠰᠢᠯᠡᠪᠡ᠃                                              ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3