10 ᠰᠠᠷ᠎ᠠ ᠶᠢᠨ ᠡᠴᠦᠰ ᠪᠣᠯᠲᠠᠯ᠎ᠠ ᠰᠢᠩ ᠾᠧ ᠰᠢᠶᠠᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ  ᠨᠡᠶᠢᠲᠡ 1.6 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2020/11/20
      10 ᠰᠠᠷ᠎ᠠ ᠶᠢᠨ ᠡᠴᠦᠰ ᠪᠣᠯᠲᠠᠯ᠎ᠠ᠂ ᠰᠢᠩ ᠾᠧ ᠰᠢᠶᠠᠨ ᠪᠥᠬᠦ ᠰᠢᠶᠠᠨ ᠤ 5.5 ᠲᠦᠮᠡ ᠰᠢᠬᠠᠮ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ 1.6 ᠳ᠋ᠦᠩᠰᠢᠭᠤᠷ ᠲᠥᠭᠦᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠪᠠ︔ ᠬᠥᠳᠡᠭᠡ ᠲᠣᠰᠬᠤᠨ ᠤ ᠣᠨᠴᠠ ᠬᠦᠴᠢᠷᠳᠡᠯᠲᠡᠶ 2872 ᠬᠥᠮᠦᠨ ᠢ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠪᠠ︔ ᠠᠮᠢᠳᠤᠷᠠᠯ ᠨᠢ ᠲᠦᠷ ᠴᠠᠭ ᠬᠦᠴᠢᠷᠳᠡᠯᠲᠡᠶ 7186 ᠶᠠᠳᠠᠭᠤ ᠬᠦᠴᠢᠷᠳᠡᠯᠲᠡᠶ ᠣᠯᠠᠨ ᠲᠦᠮᠡᠨ ᠳᠤ 431 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠪᠠ︔ 58 ᠥᠨᠥᠴᠢᠨ ᠬᠡᠤᠬᠡᠳ ᠲᠤ 62 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠣᠯᠭᠤᠪᠠ︔ ᠬᠦᠴᠢᠷᠳᠡᠯᠲᠡᠶ 337 ᠬᠡᠤᠬᠡᠳ ᠲᠤ 182 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠪᠠ︔ 6726 ᠵᠡᠮᠳᠡᠭ ᠬᠥᠮᠦᠨ ᠵᠢᠴᠢ 3615 ᠬᠦᠨᠳᠦ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠪᠠ ᠰᠤᠪᠢᠯᠠᠯᠲᠠ ᠶᠢᠨ ᠨᠥᠬᠦᠪᠥᠷᠢ ᠣᠯᠭᠤᠪᠠ᠃ ᠡᠭᠦᠨ ᠤ ᠬᠠᠮᠲᠤ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠴᠡᠯ ᠳᠤ ᠨᠠᠶᠢᠴᠡᠭᠰᠡᠨ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠳᠤ ᠨᠡᠶᠢᠴᠡᠭᠰᠡᠨ ᠪᠦᠬᠦᠨ ᠢ ᠬᠡᠪᠴᠢᠶᠠᠨ ᠳᠤ ᠣᠷᠣᠭᠤᠯᠤᠨ᠎ᠠ︔ 165 ᠡᠷᠦᠬᠡ 403 ᠬᠥᠮᠦᠨ ᠤ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠠᠳᠤᠶ ᠡᠷᠦᠬᠡ᠂ ᠬᠢᠨᠠᠨ ᠬᠡᠮᠵᠢᠭᠰᠡᠨ ᠡᠷᠦᠬᠡ ᠪᠠ ᠵᠠᠬ᠎ᠠ ᠬᠢᠵᠠᠭᠠᠷ ᠤᠨ ᠡᠷᠦᠬᠡ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ︔ 150 ᠡᠷᠦᠬᠡ ᠶᠢᠨ 392 ᠬᠥᠮᠦᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃                                                 ᠣᠷᠴᠢᠭᠤᠯᠤᠭᠴᠢ᠄  ᠨᠠᠷᠠᠰᠤ  ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3