ᠮᠠᠨ ᠤ ᠰᠢᠶᠠᠨ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ︾ ᠥᠪᠥᠷ ᠮᠣᠩᠭᠤᠯ ᠤᠨ  ᠱᠠᠨ ᠰᠢ ᠾᠤᠪᠸᠢ ᠭᠤᠷᠪᠠᠨ ᠭᠠᠵᠠᠷ ᠤᠨ ᠠᠵᠢᠯᠲᠠᠨ ᠠᠵᠢᠯᠴᠢᠨ ᠤ ᠤᠷᠠᠨ ᠪᠢᠴᠢᠯᠭᠡ ᠤᠷᠠᠨ ᠵᠢᠷᠤᠭ ᠤᠨ  ᠬᠠᠮᠲᠤᠷᠠᠭᠰᠠᠨ ᠦᠵᠡᠭᠦᠯᠭᠡ ᠡᠷᠭᠢᠯᠡᠪᠡ
ᠨᠡᠶᠢᠲᠡᠯᠡᠭᠰᠡᠨ ᠴᠠᠭ᠄
2020/11/30
    11 ᠰᠠᠷ᠎ᠠ ᠶᠢᠨ 27 ᠤ ᠡᠳᠦᠷ᠂ ᠰᠢᠩ ᠾᠧ ᠰᠢᠶᠠᠨ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ︾ ᠥᠪᠥᠷ ᠮᠣᠩᠭᠤᠯ ᠤᠨ ᠱᠠᠨ ᠰᠢ ᠾᠤᠪᠸᠢ ᠭᠤᠷᠪᠠᠨ ᠭᠠᠵᠠᠷ ᠤᠨ ᠠᠵᠢᠯᠲᠠᠨ ᠠᠵᠢᠯᠴᠢᠨ ᠤ ᠤᠷᠠᠨ ᠪᠢᠴᠢᠯᠭᠡ ᠤᠷᠠᠨ ᠵᠢᠷᠤᠭ ᠤᠨ ᠬᠠᠮᠲᠤᠷᠠᠭᠰᠠᠨ ᠦᠵᠡᠰᠬᠦᠯᠡᠩ ᠡᠷᠭᠢᠯᠡᠪᠡ᠃ ᠰᠢᠩ ᠾᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠦ᠋ ᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠴᠢᠶᠣᠤ ᠷᠦᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠦ᠋ᠨ ᠫᠢᠩ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠰᠢᠶᠠᠨ ᠤ ᠰᠣᠶᠣᠯ ᠪᠠ ᠵᠤᠭᠠᠴᠠᠯ ᠤᠨ ᠲᠤᠪᠴᠢᠶ᠎ᠠ᠂ ᠰᠢᠶᠠᠨ ᠤ ᠬᠠᠮ ᠵᠠᠭᠤᠴᠢᠯᠠᠭᠤᠷ ᠤᠨ ᠲᠥᠪ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠤᠷᠠᠨ ᠪᠢᠴᠢᠯᠭᠡ ᠤᠷᠠᠨ ᠵᠢᠷᠤᠭ ᠤᠨ ᠡᠲᠡᠭᠡᠳ ᠤᠨ ᠨᠥᠬᠦᠳ ᠬᠠᠮᠲᠤᠷᠠᠭᠰᠠᠨ ᠦᠵᠡᠰᠬᠦᠯᠡᠩ ᠳᠤ ᠣᠷᠣᠯᠴᠠᠪᠠ᠃      ᠲᠤᠰ ᠤᠳᠠᠭᠠᠨ ᠤ ᠠᠵᠢᠯᠯᠠᠭ᠎ᠠ ᠳᠤ ᠰᠢᠩ ᠾᠧ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠩ ᠾᠧ ᠰᠢᠶᠠᠨ ᠤ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠪᠠ ᠰᠢᠩ ᠾᠧ ᠰᠢᠶᠠᠨ ᠤ ᠤᠷᠠᠨ ᠵᠢᠷᠤᠭ ᠤᠨ ᠣᠷᠳᠣᠨ ᠪᠣᠯᠤᠨ᠎ᠠ᠃ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠳᠤᠮᠳᠠᠳᠤ ᠤᠯᠤᠰ ᠤᠨ ᠵᠡᠭᠦᠳᠦ ᠬᠥᠳᠡᠯᠮᠦᠷᠢ ᠶᠢᠨ ᠭᠤᠸ᠎ᠠ ᠰᠠᠶᠢᠬᠠᠨ ᠭᠡᠬᠦ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠠᠵᠢᠯᠲᠠᠨ ᠠᠵᠢᠯᠴᠢᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠶᠢᠨ ᠲᠣᠬᠢᠶᠠᠯ ᠢᠶᠠᠷ ᠱᠠᠨ ᠰᠢ ᠮᠤᠵᠢ ᠶᠢᠨ ᠶᠠᠩᠭᠤᠤ ᠰᠢᠶᠠᠨ᠂ ᠾᠤᠪᠸᠢ ᠮᠤᠵᠢ ᠶᠢᠨ ᠱᠠᠩ ᠢ ᠰᠢᠶᠠᠨ ᠤ ᠠᠵᠢᠯᠴᠢᠨ ᠤ ᠡᠪᠯᠡᠯ ᠪᠠ ᠰᠣᠶᠣᠯ ᠵᠡ ᠷᠭᠡ ᠰᠠᠯᠠᠭ᠎ᠠ ᠮᠥᠴᠢᠷ ᠲᠠᠢ ᠬᠠᠮᠲᠤᠷᠠᠨ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ︾ ᠥᠪᠥᠷ ᠮᠣᠩᠭᠤᠯ ᠤᠨ ᠱᠠᠨ ᠰᠢ ᠾᠤᠪᠸᠢ ᠭᠤᠷᠪᠠᠨ ᠭᠠᠵᠠᠷ ᠤᠨ ᠠᠵᠢᠯᠲᠠᠨ ᠠᠵᠢᠯᠴᠢᠨ ᠤ ᠤᠷᠠᠨ ᠪᠢᠴᠢᠯᠭᠡ ᠤᠷᠠᠨ ᠵᠢᠷᠤᠭ ᠤᠨ ᠬᠠᠮ ᠲᠤᠷᠠᠭᠰᠠᠨ ᠦᠵᠡᠰᠬᠦᠯᠡᠩ ᠡᠷᠭᠢᠯᠡᠪᠡ᠃      ᠲᠤᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠳᠤ ᠠᠵᠢᠯᠴᠢᠨ ᠪᠠᠭᠰᠢ ᠨᠠᠮ ᠵᠠᠰᠠᠭ ᠤᠨ ᠺᠠᠳ᠋ᠷ ᠬᠤᠪᠢ ᠶᠢᠨ ᠬᠥᠳᠡᠯᠮᠦᠷᠢᠯᠡᠭᠴᠢᠳ ᠪᠣᠯᠤᠨ ᠬᠥᠯᠥᠰᠥᠨ ᠠᠵᠢᠯᠴᠢᠳ ᠣᠷᠣᠯᠴᠠᠵᠠᠶ᠃ ᠪᠠᠰᠠ ᠨᠠᠰᠤᠨ ᠤ ᠠᠮᠠᠷᠠᠯᠲᠠ ᠠᠪᠤᠭᠰᠠᠳ ᠵᠡᠷᠭᠡ ᠪᠤᠢ᠃ ᠦᠵᠡᠭᠦᠯᠦᠯᠭᠡ ᠳᠤ ᠣᠷᠣᠯᠴᠠᠭᠰᠠᠨ ᠪᠦᠲᠦᠭᠡᠯ ᠨᠢ ᠪᠦᠬᠦ ᠠᠷᠠᠳ ᠢᠶᠠᠷ ᠢᠶᠠᠨ ᠴᠢᠨᠡᠭᠡᠯᠢᠭ ᠨᠡᠶᠢᠭᠡᠮ ᠢ ᠪᠠᠶᠢᠭᠤᠯᠬᠤ ᠠᠶᠠᠨ ᠳᠤ ᠥᠷᠭᠡᠨ ᠣᠯᠠᠨ ᠠᠵᠢᠯᠲᠠᠨ ᠠᠵᠢᠯᠴᠢᠨ ᠤ ᠦᠵᠡᠯ ᠰᠠᠨᠠᠭ᠎ᠠ ᠬᠠᠶᠢᠷ᠎ᠠ ᠰᠡᠳᠬᠢᠯᠭᠡ᠂ ᠣᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠩᠭᠦᠶ ᠢᠯᠡᠷᠡᠭᠦᠯᠵᠡᠶ᠃ ᠵᠢᠴᠢ ᠵᠣᠬᠢᠶᠠᠭᠴᠢ ᠶᠢᠨ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠲᠤᠬᠠᠶ ᠣᠶᠢᠯᠠᠭᠠᠯᠲᠠ ᠪᠠ ᠳᠤᠷ᠎ᠠ ᠪᠠᠬ᠎ᠠ᠂ ᠴᠠᠭ ᠦᠶ᠎ᠡ ᠶᠢᠨ ᠴᠢᠩᠭ᠎ᠠ ᠰᠡᠳᠬᠢᠯᠭᠡ ᠪᠠ ᠥᠪᠡᠷ ᠥᠪᠡᠷ ᠤᠨ ᠣᠨᠴᠠᠯᠢᠭ ᠪᠦᠬᠦᠢ ᠤᠷᠠᠯᠢᠭ ᠤᠨ ᠬᠡᠪ ᠨᠠᠮᠪᠠ ᠲᠠᠢ ᠪᠠᠶᠢᠬᠤ ᠶᠢᠨ ᠬᠠᠮᠲᠤ ᠪᠠᠰᠠ ᠮᠠᠨ ᠤ ᠰᠢᠶᠠᠨ ᠤ ᠣᠳᠣᠬᠠᠨ ᠤ ᠠᠵᠢᠯᠲᠠᠨ ᠠᠵᠢᠯᠴᠢᠨ ᠤ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ ᠪᠦᠲᠦᠭᠡᠬᠦ ᠬᠢᠷᠢ ᠬᠡᠮᠵᠢᠶ᠎ᠡ ᠶᠢ ᠲᠤᠰᠬᠠᠭᠰᠠᠨ ᠪᠠᠶᠢᠨ᠎ᠠ᠃ ᠲᠤᠰ ᠤᠳᠠᠭᠠᠨ ᠤ ᠬᠠᠮᠲᠤᠷᠠᠭᠰᠠᠨ ᠦᠵᠡᠭᠦᠯᠦᠯᠭᠡ ᠨᠢ ᠭᠤᠷᠪᠠᠨ ᠰᠠᠷ᠎ᠠ ᠭᠠᠷᠤᠶ ᠦᠷᠭᠦᠯᠵᠢᠯᠡᠵᠦ᠂ 98 ᠪᠦᠲᠦᠭᠡᠯ ᠢ ᠳᠡᠯᠭᠡᠨ ᠦᠵᠡᠭᠦᠯᠵᠡᠶ᠃ ᠡᠭᠦᠨ ᠤ ᠳᠣᠲᠣᠷ᠎ᠠ ᠨᠡᠷᠡᠨ ᠤ ᠥᠨᠳᠥᠷ ᠤᠨ ᠬᠡᠮᠵᠢᠶ᠎ᠡ ᠨᠢ 40᠂ ᠤᠳᠬ᠎ᠠ ᠶᠢ ᠨᠢ 30᠂ ᠰᠢᠩ ᠾᠧ 28 ᠪᠣᠶ᠃      ᠯᠢ ᠹᠦ᠋ ᠵᠦ ᠵᠢᠭᠠᠵᠤ ᠭᠠᠷᠭᠠᠭᠰᠠᠨ ᠨᠢ᠂ ᠰᠢᠩ ᠾᠧ᠂ ᠶᠠᠩ ᠭᠤᠤ᠂ ᠱᠠᠩ ᠢ ᠭᠤᠷᠪᠠᠨ ᠭᠠᠵᠠᠷ ᠤᠨ ᠭᠠᠵᠠᠷ ᠨᠤᠲᠤᠭ ᠬᠠᠷᠢᠯᠴᠠᠨ ᠵᠠᠯᠭᠠᠯᠳᠤᠵᠤ᠂ ᠬᠥᠮᠦᠨ ᠰᠣᠶᠣᠯ ᠬᠠᠷᠢᠯᠴᠠᠨ ᠳᠣᠲᠣᠨᠣᠰᠤᠭ᠂ ᠠᠵᠤ ᠤᠶᠢᠯᠡᠰ ᠬᠠᠷᠢᠯᠴᠠᠨ ᠣᠶᠢᠷᠠᠯᠴᠠᠭ᠎ᠠ᠂ ᠠᠵᠤ ᠠᠬᠤᠶ ᠬᠠᠷᠢᠯᠴᠠᠨ ᠠᠭᠤᠰᠤᠯᠴᠠᠵᠤ᠂ ᠨᠢᠭᠡ ᠯᠡ ᠠᠮᠢ ᠠᠬᠤᠶ ᠶᠢᠨ ᠬᠦᠷᠢᠶ᠎ᠡ᠂ ᠰᠣᠶᠣᠯ ᠤᠨ ᠬᠦᠷᠢᠶ᠎ᠡ ᠪᠠ ᠠᠵᠤ ᠠᠬᠤᠶ ᠶᠢᠨ ᠬᠦᠷᠢᠶᠡᠨ ᠳᠤ ᠬᠠᠷᠢᠶᠠᠯᠠᠭᠳᠠᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠲᠠᠯ᠎ᠠ ᠶᠢᠨ ᠰᠣᠶᠣᠯ ᠪᠣᠯᠤᠨ ᠨᠢᠭᠡ ᠲᠠᠯ᠎ᠠ ᠶᠢᠨ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠪᠡᠶ ᠡᠯᠡᠭᠦᠯᠬᠦ ᠨᠢ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠶᠡᠷᠦᠩᠬᠡᠶ ᠰᠡᠳᠬᠢᠮᠵᠢ ᠪᠣᠯᠤᠨ᠎ᠠ᠃ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠰᠠ ᠴᠤ ᠬᠥᠭᠵᠢᠯᠲᠡ ᠶᠢᠨ ᠰᠢᠨ᠎ᠡ ᠥᠨᠳᠦᠷᠯᠢᠭ ᠢ ᠪᠦᠷᠢᠯᠳᠦᠭᠦᠯᠵᠦ᠂ ᠣᠷᠣᠨ ᠪᠦᠰᠡ ᠶᠢᠨ ᠲᠦᠷᠭᠡᠨ ᠬᠥᠭᠵᠢᠯᠲᠡ ᠶᠢ ᠳᠠᠶᠢᠴᠢᠯᠠᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠮᠥᠨ ᠴᠦ ᠪᠡᠭᠡᠵᠢᠩ ᠲᠢᠶᠠᠨᠵᠢᠨ ᠾᠧᠪᠧᠶ ᠳᠤ ᠭᠦᠨᠵᠡᠭᠡᠶ ᠠᠭᠤᠰᠤᠯᠴᠠᠬᠤ ᠴᠢᠬᠤᠯᠠ ᠠᠷᠭ᠎ᠠ ᠵᠠᠮ ᠪᠣᠯᠤᠨ᠎ᠠ᠃ ᠬᠤᠯᠪᠣᠭᠠᠯᠠᠨ ᠳᠡᠯᠭᠡᠨ ᠦᠵᠡᠭᠦᠯᠬᠦ ᠠᠵᠢᠯᠯᠠᠭ᠎ᠠ ᠨᠢ ᠭᠤᠷᠪᠠᠨ ᠭᠠᠵᠠᠷ ᠤᠨ ᠠᠷᠠᠳ ᠲᠦᠮᠡᠨ ᠤ ᠨᠥᠬᠦᠷᠯᠡᠯ ᠢ ᠪᠠᠷᠢᠯᠳᠤᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠨ᠂ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠰᠣᠯᠢᠯᠴᠠᠭ᠎ᠠ ᠶᠢ ᠠᠬᠢᠭᠤᠯᠵᠠᠶ᠃ ᠵᠢᠴᠢ ᠰᠣᠶᠣᠯ ᠤᠨ ᠶᠡᠭᠡ ᠴᠢᠭᠤᠯᠭᠠᠨ ᠢ ᠡᠭᠦᠳᠦᠨ ᠪᠦᠲᠦᠭᠡᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠤᠷᠠᠨ ᠪᠢᠴᠢᠯᠭᠡ ᠤᠷᠠᠨ ᠵᠢᠷᠤᠭ ᠤᠨ ᠨᠥᠬᠦᠷᠯᠡᠯ᠂ ᠬᠠᠮᠲᠤᠷᠠᠭᠰᠠᠨ ᠦᠵᠡᠭᠦᠯᠦᠯᠭᠡ ᠭᠡᠬᠦ ᠲᠠᠪᠴᠠᠩ ᠪᠠ ᠬᠤᠯᠪᠣᠭᠠᠰᠤ ᠪᠠᠷ ᠳᠠᠮᠵᠢᠭᠤᠯᠤᠨ᠂ ᠨᠠᠩ ᠥᠷᠭᠡᠨ ᠠᠭᠤᠳᠠᠮ ᠬᠦᠷᠢᠶ᠎ᠡ ᠴᠠᠷᠠᠭ᠎ᠠ ᠳᠤ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠥᠷ ᠮᠣᠩᠭᠤᠯ ᠱᠠᠨ ᠰᠢ ᠾᠧᠪᠧᠢ ᠶᠢᠨ ᠤᠷᠲᠤ ᠴᠠᠭᠠᠨ ᠬᠡᠷᠡᠮ ᠤᠨ ︽ᠠᠯᠲᠠᠨ ᠭᠤᠷᠪᠠᠯᠵᠢᠨ ᠬᠤᠶᠢᠭ︾ ᠢ ᠴᠣᠭᠴᠠᠯᠠᠬᠤ ᠶᠢᠨ ᠲᠥᠯᠥᠭᠡ᠂ ᠪᠡᠭᠡᠵᠢᠩ ᠲᠢᠶᠠᠨᠵᠢᠨ ᠾᠧᠪᠧᠶ ᠶᠢᠨ ᠠᠭᠤᠤ ᠶᠡᠭᠡ ᠪᠠᠶᠢᠯᠳᠤᠬᠤ ᠪᠣᠳᠣᠯᠭ᠎ᠠ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠪᠡᠶᠡᠯᠡᠭᠦᠯᠵᠡᠶ᠃      ᠬᠤᠯᠪᠣᠭᠠᠯᠠᠨ ᠳᠡᠯᠭᠡᠨ ᠦᠵᠡᠭᠦᠯᠬᠦ ᠠᠵᠢᠯᠯᠠᠭ᠎ᠠ ᠳᠡᠭᠡᠷ᠎ᠡ᠂ ᠭᠤᠷᠪᠠᠨ ᠭᠠᠵᠠᠷ ᠤᠨ ᠤᠷᠠᠨ ᠪᠢᠴᠢᠯᠭᠡᠲᠡᠨ ᠤᠷᠠᠨ ᠪᠢᠴᠢᠯᠭᠡᠲᠡᠨ ᠤᠷᠠᠨ ᠪᠢᠴᠢᠯᠭᠡᠲᠡᠨ ᠤᠷᠠᠨ ᠪᠢᠴᠢᠯᠭᠡ ᠪᠠᠷ ᠢᠶᠠᠨ ᠲᠤᠬᠠᠶ ᠶᠢᠨ ᠲᠠᠯᠠᠪᠠᠶ ᠳᠤ ᠵᠣᠬᠢᠶᠠᠨ ᠪᠦᠲᠦᠭᠡᠵᠦ᠂ ᠰᠠᠶᠢᠨ ᠰᠠᠶᠢᠬᠠᠨ ᠠᠮᠢᠳᠤᠷᠠᠯ ᠤᠨ ᠢᠷᠥᠭᠡᠯ ᠪᠠ ᠠᠭᠤᠤ ᠶᠡᠭᠡ ᠡᠬᠡ ᠤᠯᠤᠰ ᠢ ᠮᠠᠭᠲᠠᠨ ᠰᠠᠶᠢᠰᠢᠶᠠᠬᠤ ᠶᠢ ᠪᠢᠷ ᠪᠡᠭᠡ ᠪᠠᠷ ᠢᠶᠠᠨ ᠢᠯᠡᠷᠡᠭᠦᠯᠦᠭᠰᠡᠨ ᠶᠤᠮ᠃ ᠠᠵᠢᠯᠲᠠᠨ ᠠᠵᠢᠯᠴᠢᠨ ᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠦᠷᠰᠦ ᠪᠠᠶᠢᠳᠠᠯ ᠢ ᠲᠤᠰᠬᠠᠵᠤ᠂ ᠺᠠᠳ᠋ᠷ ᠣᠯᠠᠨ ᠲᠦᠮᠡᠨ ᠤ ᠡᠷᠴᠢ ᠵᠣᠷᠢᠭ ᠢ ᠬᠥᠪᠴᠢᠯᠡᠭᠰᠡᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠪᠡ᠃                                                             ᠰᠤᠷᠪᠤᠯᠵᠢᠯᠠᠭᠴᠢ᠄ ᠵᠠᠶ ᠴᠢᠶᠦ᠋ᠩ                               ᠣᠷᠴᠢᠭᠤᠯᠤᠭᠴᠢ᠄ ᠨᠠᠷᠠᠰᠤ  ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3