ᠮᠠᠨ ᠤ ᠰᠢᠶᠠᠨ ᠤ ᠳᠥᠷᠪᠡᠨ ᠴᠢᠬᠤᠯᠠ ᠶᠡᠭᠡ ᠲᠥᠷᠥᠯ ᠵᠤᠶᠢᠯ ᠵᠢᠯ ᠤᠨ ᠪᠡᠯᠡ ᠣᠷᠣᠭᠤᠯᠤᠯᠲᠠ ᠶᠢᠨ  ᠲᠥᠯᠥᠪᠯᠡᠭᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/12/1
      ᠡᠨᠡ ᠵᠢᠯ ᠰᠢᠩ ᠾᠧ ᠰᠢᠶᠠᠨ 16 ᠴᠢᠬᠤᠯᠠ ᠶᠡᠭᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ 42.29 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 12.75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠳᠣ ᠨᠢᠭᠡᠨᠲᠡ 5.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠂ ᠡᠭᠦᠨ ᠳᠤ ᠴᠠᠷ ᠨᠠᠭᠤᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ᠂ ᠳ᠋ᠠ ᠪᠧᠶ ᠨᠦᠩ ᠬᠤᠶᠠᠷ ᠡᠰᠢᠲᠦ ᠮᠡᠭᠡᠵᠢ ᠶᠢᠨ ᠲᠠᠯᠠᠪᠠᠢ᠂ ᠣᠳᠣ ᠦᠶ᠎ᠡ ᠶᠢᠨ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠢᠨ ᠱᠧᠩ ᠰᠢᠨ᠎ᠡ ᠮᠠᠲ᠋ᠧᠷᠢᠶᠠᠯ ᠤᠨ 35 ᠲᠦᠮᠡᠨ ᠲᠣᠨ ᠣᠷᠭᠠᠨᠢᠭ ᠪᠤᠰᠤ ᠰᠢᠷᠬᠡᠭ ᠵᠢᠴᠢ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠵᠡᠷᠭᠡ 4 ᠲᠥᠷᠥᠯ ᠵᠦᠢᠯ ᠨᠢ ᠨᠢᠭᠡᠨᠲᠡ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠨ ᠪᠡᠶᠡᠯᠡᠭᠦᠯᠪᠡ᠃       ᠨᠢᠭᠡ ᠳᠤ᠂ ᠴᠠᠷᠠᠰᠤᠨ ᠨᠠᠭᠤᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠢ ᠠᠭᠤᠰᠤᠯᠴᠠᠭᠤᠯᠤᠨ ᠬᠦᠭᠵᠢᠭᠦᠯᠬᠦ ᠲᠥᠷᠥᠯ ᠵᠦᠢᠯ᠃ ᠶᠡᠷᠦᠩᠬᠡᠶ ᠪᠡᠯᠡ ᠣᠷᠣᠭᠤᠯᠤᠯᠲᠠ 3.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 0.38 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠤᠳᠤ ᠨᠢᠭᠡᠨᠲᠡ 0.38 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠠᠭ ᠰᠠᠶᠢᠬᠠᠨ ᠵᠤᠬᠢᠶᠠᠨ ᠪᠠᠶᠢᠭᠤᠯᠵᠤ ᠰᠢᠯᠭᠠᠨ ᠬᠤᠷᠢᠶᠠᠵᠤ ᠪᠠᠶᠢᠨ᠎ᠠ᠃      ᠬᠤᠶᠠᠷ ᠲᠤ᠂ ᠳ᠋ᠠ ᠪᠧᠶ ᠨᠦᠩ ᠬᠤᠶᠠᠷ ᠡᠰᠢᠲᠦ ᠮᠡᠭᠡᠵᠢ ᠶᠢᠨ ᠲᠠᠯᠠᠪᠠᠢ ᠶᠢᠨ ᠲᠥᠷᠥᠯ ᠵᠦᠢᠯ ᠪᠣᠯᠤᠨ᠎ᠠ᠃ ᠶᠡᠷᠦᠩᠬᠡᠶ ᠪᠡᠯᠡ ᠣᠷᠣᠭᠤᠯᠤᠯᠲᠠ 1.65 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 0.21 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠤᠳᠤ ᠨᠢᠭᠡᠨᠲᠡ 0.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠰᠢᠭᠯᠠᠯᠲᠠ ᠳᠤ ᠤᠷᠤᠭᠤᠯᠪᠠ᠃      ᠭᠤᠷᠪᠠ ᠳᠤ᠂ ᠤᠳᠤ ᠦᠶ᠎ᠡ ᠶᠢᠨ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠥᠷᠭᠡᠳᠬᠡᠨ ᠥᠷᠭᠡᠳᠬᠡᠨ᠎ᠡ᠃ ᠶᠡᠷᠦᠩᠬᠡᠶ ᠪᠡᠯᠡ ᠣᠷᠣᠭᠤᠯᠤᠯᠲᠠ 6.36 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 0.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠳᠣᠬᠠᠨ ᠳᠤ 0.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠥᠬᠦᠭᠡᠷᠦᠮᠵᠢ ᠶᠢ ᠶᠠᠭ ᠲᠤᠷᠰᠢᠨ ᠲᠣᠬᠢᠷᠠᠭᠤᠯᠵᠤ ᠪᠠᠶᠢᠨ᠎ᠠ᠃      ᠳᠥᠷᠪᠡ ᠳᠤ᠂ ᠰᠢᠨ᠎ᠡ ᠪᠠᠷ ᠬᠥᠭᠵᠢᠭᠰᠡᠨ ᠰᠢᠨ᠎ᠡ ᠮᠠᠲ᠋ᠧᠷᠢᠶᠠᠯ ᠤᠨ 35 ᠲᠦᠮᠡᠨ ᠲᠣᠨ ᠣᠷᠭᠠᠨᠢᠭ ᠪᠤᠰᠤ ᠰᠢᠷᠬᠡᠭ ᠵᠢᠴᠢ ᠤᠶᠢᠯᠡᠳᠭᠦᠨ ᠤ ᠤᠶᠢᠯᠡᠳᠪᠤᠷᠢᠯᠡᠯ ᠤᠨ ᠱᠤᠭᠤᠮ ᠤᠨ ᠲᠥᠷᠥᠯ ᠵᠦᠢᠯ᠃ ᠶᠡᠷᠦᠩᠬᠡᠶ ᠪᠡᠯᠡ ᠣᠷᠣᠭᠤᠯᠤᠯᠲᠠ 6.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 0.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠤᠳᠤ ᠨᠢᠭᠡᠨᠲᠡ 0.92 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠨᠢᠭᠡᠨᠲᠡ ᠠᠰᠢᠭᠯᠠᠯᠲᠠ ᠳᠤ ᠣᠷᠣᠪᠠ᠃                         ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3