ᠰᠢᠩ ᠾᠧ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤ‌‍ᠷᠠᠯᠳᠤᠭᠤᠯᠪᠠ
ᠨᠡᠶᠢᠲᠡᠯᠡᠭᠰᠡᠨ ᠴᠠᠭ᠄
2020/12/10
     ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ 12 ᠰᠠᠷ᠎ᠠ ᠶᠢᠨ 8 ᠤ ᠡᠳᠦᠷ᠂ ᠰᠢᠩ ᠾᠧ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ  ᠬᠦᠮᠦᠵᠢᠯ ᠤᠨ ᠶᠡᠭᠡ ᠬᠤᠷᠠᠯ ᠢ ᠬᠤᠷᠠᠯᠳᠤᠭᠤᠯᠪᠠ᠃      ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠡᠷᠭᠡ ᠳᠥᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠰᠢᠩ ᠸᠠᠩ ᠵᠢᠶᠤᠤ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠭ ᠤᠨ ᠪᠦᠷᠢᠯᠳᠦᠬᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠡᠯ᠎ᠡ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠬᠤᠷᠠᠯ ᠢ ᠡᠷᠬᠢᠯᠡᠪᠡ᠃      ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠳᠤ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠵᠣᠣ ᠱᠢ ᠵᠢᠶᠦ᠋ᠨ ᠢ ᠣᠨᠴᠠ ᠤᠷᠢᠵᠤ ᠬᠤᠷᠠᠯ ᠳᠤ ᠢᠯᠡᠳᠬᠡᠯ ᠬᠢᠯᠭᠡᠪᠡ᠃ ᠵᠤᠤ ᠱᠢ ᠵᠢᠶᠦ᠋ᠨ ᠨᠠᠮ ᠤᠨ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠪᠣᠳᠠᠲᠤ ᠠᠬᠤᠢ ᠶᠢᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ ᠲᠠᠶᠢᠯᠪᠤᠷᠢᠯᠠᠪᠠ᠃ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠦᠨᠡᠨᠴᠢ ᠰᠢᠳᠤᠷᠭᠤ ᠠᠷᠢᠭᠤᠨ ᠴᠢᠬᠡᠴᠢ  ᠡᠭᠦᠷᠭᠡᠯᠡᠯ ᠲᠠᠢ ᠨᠠᠮ ᠤᠨ ᠭᠡᠰᠢᠭᠦᠨ ᠺᠠᠳ᠋ᠷ ᠢᠶᠠᠷ ᠭᠤᠤᠯ ᠰᠡᠳᠦᠪ ᠪᠣᠯᠭᠠᠭᠰᠠᠨ ᠪᠥᠭᠡᠳ ᠤᠯᠠᠭᠠᠨᠴᠠᠪ ᠬᠤᠲᠠ ᠳᠤ ᠡᠭᠦᠰᠦᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠳᠦᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠭᠦᠨᠵᠡᠭᠡᠶ ᠲᠠᠶᠢᠯᠪᠤᠷᠢᠯᠠᠯᠲᠠ ᠪᠠ ᠵᠠᠳᠠᠯᠤᠯᠲᠠ ᠬᠢᠵᠡᠶ᠃ ᠬᠡᠷᠡᠭ ᠢᠶᠠᠷ ᠬᠠᠤᠯᠢ ᠶᠠᠷᠢᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶ ᠪᠣᠯᠭᠠᠬᠤ ᠪᠠᠷ ᠳᠠᠮᠵᠢᠭᠤᠯᠤᠨ᠂ ᠪᠦᠬᠦ ᠰᠢᠶᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠦᠷᠨᠢᠭᠦᠯᠬᠦ ᠳᠤ ᠱᠠᠭᠠᠷᠳᠠᠯᠭ᠎ᠠ ᠳᠤᠷᠠᠳᠴᠠᠶ᠃ ᠦᠵᠡᠯ ᠰᠠᠨᠠᠭ᠎ᠠ ᠨᠢ ᠭᠦᠨ ᠭᠦᠨᠵᠡᠭᠡᠶ᠂ ᠠᠭᠤᠯᠤᠭᠳᠠᠬᠤᠨ ᠨᠢ ᠡᠯᠪᠡᠭ ᠪᠠᠶᠠᠯᠢᠭ᠂ ᠬᠥᠮᠦᠰ ᠢ ᠭᠦᠨ ᠰᠡᠳᠬᠢᠭᠦᠯᠬᠦ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠦᠵᠢᠯ ᠬᠢᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ ᠤᠬᠠᠭᠠᠷᠠᠨ ᠰᠡᠷᠡᠮᠵᠢᠯᠡᠵᠦ᠂ ᠰᠤᠷᠭᠠᠮᠵᠢ ᠠᠪᠴᠦ᠂ ᠭᠦᠨᠵᠡᠭᠡᠶ ᠡᠷᠭᠢᠴᠡᠭᠦᠯᠦᠨ ᠪᠣᠳᠣᠬᠤ ᠬᠡᠷᠡᠭᠲᠡᠶ᠃ ᠵᠥᠪ ᠡᠷᠬᠡ ᠶᠢᠨ ᠦᠵᠡᠯᠲᠡ᠂ ᠪᠠᠶᠢᠷᠢ ᠰᠠᠭᠤᠷᠢ ᠶᠢᠨ ᠦᠵᠡᠯᠲᠡ ᠪᠠ ᠠᠰᠢᠭ ᠲᠤᠰᠠ ᠶᠢᠨ ᠦᠵᠡᠯᠲᠡ ᠶᠢ ᠤᠬᠠᠮᠰᠠᠷ ᠠᠴᠠ ᠪᠠᠨ ᠪᠤᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠠᠶᠢᠭᠤᠯᠵᠤ᠂ ᠪᠦᠬᠦ ᠰᠢᠶᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠤᠨ ᠰᠢᠨ᠎ᠡ ᠪᠦᠲᠦᠮᠵᠢ ᠶᠢ ᠠᠬᠢᠭᠤᠯᠬᠤ ᠲᠠᠯ᠎ᠠ ᠪᠠᠷ ᠦᠨᠡᠨᠴᠢ ᠰᠢᠳᠤᠷᠭᠤ ᠶᠢ ᠡᠷᠬᠢᠮᠯᠡᠨ᠂ ᠵᠢᠱᠢᠶ᠎ᠡ ᠦᠵᠡᠭᠦᠯᠵᠦ᠂ ᠡᠭᠦᠷᠭᠡᠯᠡᠯ ᠲᠠᠢ᠂ ᠵᠢᠳᠬᠦᠯ ᠴᠢᠷᠮᠠᠶᠢᠯᠭ᠎ᠠ ᠲᠠᠢ᠃ ᠴᠠᠭ ᠢᠮᠠᠭᠲᠠ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂  ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠩ ᠾᠧ ᠰᠢᠶᠠᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠭᠡᠰᠢᠭᠦᠨ ᠺᠠᠳ᠋ᠷ ᠨᠢᠭᠡᠪᠦᠷᠢ ᠴᠥᠮ ᠪᠠᠲᠤ ᠴᠡᠭᠡᠵᠢᠯᠡᠬᠦ ᠬᠡᠷᠡᠭᠲᠡᠶ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢᠨ ᠲᠤᠬᠠᠶ ᠠᠯᠢ ᠣᠯᠠᠨ ᠲᠣᠭᠲᠠᠭᠠᠯ ᠨᠢ ᠡᠷᠬᠡ ᠴᠢᠯᠥᠭᠡ ᠶᠢ ᠬᠢᠵᠠᠭᠠᠷᠯᠠᠬᠤ ︽ᠴᠢᠩᠭ᠎ᠠ ᠬᠠᠷᠢᠶᠠᠯ︾ ᠪᠢᠰᠢ᠂ ᠬᠠᠷᠢᠨ ᠪᠢᠳᠡᠨ ᠤ ︽ᠬᠠᠯᠬᠠᠪᠴᠢ︾ ᠢᠶᠠᠨ ᠬᠠᠮᠠᠭᠠᠯᠠᠵᠤ ᠪᠠᠶᠢᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠨᠢᠭᠡᠳᠦᠭᠡᠷ ᠭᠠᠷ︾ ᠢ ᠳᠡᠭᠡᠰᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠲᠦᠷᠦᠭᠦᠯᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ᠂ ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠵᠦ᠂ ᠣᠪᠣᠷ ᠰᠤᠷᠲᠠᠯ ᠢᠶᠠᠨ ᠬᠤᠪᠢᠷᠠᠭᠤᠯᠵᠤ᠂ ᠪᠡᠶ᠎ᠡ ᠪᠠᠷ ᠢᠶᠠᠨ ᠬᠢᠵᠦ ᠂ ︽ᠲᠦᠷᠦᠭᠦᠤ ᠶᠢᠨ ᠭᠠᠯᠠᠭᠤ ᠶᠢᠨ ᠤᠶᠢᠯᠡᠳᠤᠯ︾ ᠢ ᠪᠣᠶ ᠪᠣᠯᠭᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠳᠡᠭᠡᠰᠦ ᠬᠡᠮᠵᠢᠶᠡᠨ ᠠᠴᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠣᠳᠠᠲᠤ ᠠᠬᠤᠢ ᠶᠢᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠪᠠᠷᠢᠮᠲᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠴᠢᠩᠭ᠎ᠠ ᠭᠤᠤᠯ ᠬᠥᠭ ᠠᠶᠠᠰ ᠢ ᠡᠷᠡᠰ ᠲᠤᠤᠱᠯᠠᠭᠤᠯᠵᠠᠶ᠃ ᠰᠢᠩ ᠾᠧ ᠰᠢᠶᠠᠨ ᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠬᠦᠴᠦᠯᠡᠨ ᠪᠠᠶᠢᠭᠤᠯᠤᠨ᠎ᠠ᠃                                                                                        ᠣᠷᠴᠢᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3