ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠰᠢᠩ ᠾᠧ ᠰᠢᠶᠠᠨ ᠤ ᠰᠢᠨ᠎ᠡ ᠲᠢᠲᠢᠮ ᠠᠭᠤᠰᠬᠢᠨ ᠦᠷᠪᠢᠰᠦᠯ ᠢ ᠪᠠᠶᠢᠩᠭᠤᠵᠢᠭᠤᠯᠬᠤ ᠪᠠ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/11
        12 ᠰᠠᠷ᠎ᠠ ᠶᠢᠨ 9᠎ ᠤ ᠡᠳᠦᠷ᠂ ᠬᠤᠲᠠ ᠶᠢᠨ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠰᠢᠩ ᠾᠧ ᠰᠢᠶᠠᠨ ᠤ ᠰᠢᠨ᠎ᠡ ᠲᠢᠲᠢᠮ ᠠᠭᠤᠰᠬᠢᠨ ᠦᠷᠪᠢᠰᠦᠯ ᠢ ᠪᠠᠶᠢᠩᠭᠤᠵᠢᠭᠤᠯᠬᠤ ᠪᠠ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠢᠪᠠᠳᠠᠨ ᠪᠠᠶᠢᠴᠠᠭᠠᠪᠠ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠡᠷᠡᠭᠦᠯ ᠬᠠᠮᠠᠭᠠᠯᠠᠯ ᠤᠨ ᠳᠡᠳ᠋ ᠰᠢᠶᠠᠨ ᠤ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠮᠳᠠᠭᠤᠯᠤᠨ ᠪᠠᠶᠢᠴᠠᠭᠠᠬᠤ ᠳᠤ ᠣᠷᠣᠯᠴᠠᠵᠠᠶ᠃        ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠥᠮᠥᠷᠭᠡ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠰᠢᠶᠠᠨ ᠤ ᠡᠮᠨᠡᠯᠭᠡ ᠶᠢᠨ ᠬᠤᠷᠢᠶ᠎ᠠ᠂ ᠭᠠᠯᠲᠤ ᠲᠡᠷᠭᠡᠨ ᠦᠷᠳᠡᠭᠡ᠂ ᠬᠡᠰᠡᠭ ᠠᠵᠤ ᠠᠬᠤᠶᠢᠯᠠᠯ᠂ ᠬᠡᠲᠦ ᠳᠡᠯᠭᠡᠭᠦᠷ᠂ ᠲᠤᠰᠠᠭᠠᠷᠯᠠᠭᠰᠠᠨ ᠪᠠᠭᠤᠳᠠᠯ᠂ ᠰᠢᠩ ᠯᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠰᠤᠷᠭᠠᠭᠤᠯᠢ ᠪᠣᠯᠤᠨ ᠰᠢᠩ ᠬᠤᠸᠠ ᠨᠡᠶᠢᠭᠡᠮ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠡᠪᠡᠳᠴᠢᠨ ᠤ ᠣᠷᠣᠨ ᠢ ᠲᠤᠰᠠᠭᠠᠷᠯᠠᠭᠰᠠᠨ ᠡᠪᠡᠳᠴᠢᠲᠡᠨ ᠤ ᠦᠷᠦᠬᠡ ᠶᠢᠨ ᠪᠠᠶᠢᠭᠤᠯᠤᠯᠲᠠ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ᠂ ᠲᠤᠰᠬᠠᠢ ᠠᠪᠤᠷᠠᠨ ᠲᠤᠰᠠᠯᠠᠬᠤ ᠲᠣᠨᠣᠭᠯᠠᠯ ᠵᠢᠴᠢ ᠡᠮᠴᠢ ᠰᠤᠪᠢᠯᠠᠭᠴᠢ ᠶᠢᠨ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶ ᠢᠯᠡᠨ ᠬᠢᠵᠠᠭᠠᠷᠯᠠᠬᠤ ᠠᠵᠢᠯ ᠤᠨ ᠶᠡᠷᠦᠩᠬᠡᠶ ᠪᠠᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠶ ᠰᠣᠨᠣᠰᠴᠤ᠂ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠬᠦ ᠶᠢᠨ ᠬᠠᠮᠲᠤ ᠪᠣᠳᠠᠲᠠᠶ ᠵᠢᠯᠣᠭᠤᠳᠣᠯᠭ᠎ᠠ ᠪᠠ ᠱᠠᠭᠠᠷᠳᠠᠯᠭ᠎ᠠ ᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠴᠢᠭᠯᠡᠭᠦᠯᠬᠦ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃        ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠮᠠᠨ ᠤ ᠰᠢᠶᠠᠨ ᠰᠢᠪᠠᠳᠠᠨ ᠪᠠᠶᠢᠴᠠᠭᠠᠬᠤ ᠲᠤ ᠭᠤᠶᠢᠯᠠᠩ ᠳᠤ ᠬᠤᠯᠪᠣᠭᠳᠠᠯ ᠪᠥᠬᠦᠶ ᠰᠢᠨ᠎ᠡ ᠲᠢᠲᠢᠮ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠦᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃        ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠰᠢᠪᠠᠳᠠᠨ ᠪᠠᠶᠢᠴᠠᠭᠠᠯᠲᠠ ᠨᠢ ᠡᠮᠦᠨᠡᠬᠢ ᠬᠤᠭᠤᠴᠠᠭᠠᠨ ᠤ ᠠᠵᠢᠯ ᠤᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠣᠯᠠᠨ ᠢ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠭᠲᠠᠴᠠ ᠪᠠᠨ ᠲᠡᠭᠦᠯᠳᠡᠷᠵᠢᠭᠦᠯᠵᠦ᠂ ᠨᠠᠮᠤᠷ ᠡᠪᠦᠯ ᠤᠨ ᠤᠯᠠᠷᠢᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢ ᠱᠠᠯᠠᠪᠳᠠᠭᠤᠯᠵᠠᠢ᠃ ᠬᠢᠯᠪᠠᠷ ᠪᠤᠰᠤ ᠪᠠᠷ ᠣᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠡᠳ᠋ ᠪᠠᠷᠠᠭ᠎ᠠ ᠶᠢᠨ ᠨᠥᠭᠡᠴᠡᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠩᠨᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ᠂ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃        ᠬᠤᠷᠠᠯ ᠠᠴᠠ ᠴᠢᠬᠤᠯᠠᠴᠢᠯᠠᠭᠰᠠᠨ ᠨᠢ᠂ ᠨᠠᠮᠤᠷ ᠡᠪᠦᠯ ᠤᠨ ᠤᠯᠠᠷᠢᠯ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠲᠦᠷᠭᠡᠨ ᠳᠡᠯᠭᠡᠷᠡᠬᠦ ᠪᠠ ᠭᠡᠨᠡᠳᠲᠡ ᠡᠭᠦᠰᠬᠦ ᠠᠶᠤᠯ ᠲᠦᠭᠰᠢᠭᠦᠷᠢ ᠶᠡᠬᠡᠲᠡᠶ ᠴᠠᠭ ᠬᠤᠭᠤᠴᠠᠭ᠎ᠠ ᠪᠣᠯᠬᠤᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ  ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠶ᠃ ᠪᠣᠯᠭᠤᠮᠵᠢᠲᠠᠶ ᠪᠠᠶᠢᠬᠤ ᠲᠣᠭᠲᠠᠯ ᠬᠦᠴᠦᠨ ᠢᠶᠠᠷ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ᠠᠷᠭᠠᠴᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠷᠢᠨ ᠨᠢᠮᠪᠠᠶ ᠨᠠᠮᠤᠷ ᠤᠨ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠵᠢᠯ ᠢ ᠨᠠᠶᠢᠳᠠᠪᠤᠷᠢᠵᠢᠭᠤᠯᠤᠨ᠎ᠠ᠃ ᠦᠵᠡᠯ ᠰᠠᠨᠠᠭᠠᠨ ᠤ ᠬᠥᠪᠴᠢ ᠪᠠᠨ ᠴᠢᠩᠭ᠎ᠠ ᠠᠳᠬᠤᠵᠤ᠂ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠳᠣᠲᠣᠭᠠᠳᠤ ᠰᠡᠷᠭᠡᠶᠢᠯᠡᠯᠲᠡ ᠶᠢᠨ ᠳᠠᠬᠢᠨ ᠰᠡᠷᠭᠦᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠡᠪᠰᠢᠭᠰᠡᠨ ᠣᠨᠣᠪᠴᠢᠲᠠᠶ ᠰᠡᠷᠭᠡᠶᠢᠯᠡᠨ ᠡᠵᠡᠮᠳᠡᠬᠦ ᠶᠢ ᠪᠠᠷᠢᠮᠳᠠᠯᠠᠨ᠎ᠠ᠃ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠤᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ᠎ᠠ᠃                                                                              ᠣᠷᠴᠢᠭᠤᠯᠤᠭᠴᠢ᠄ ᠨᠠᠷᠠᠰᠤ    
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3