ᠰᠢᠩ ᠾᠧ ᠰᠢᠶᠠᠨ᠄ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ︽ᠡᠭᠡᠯ ᠠᠷᠠᠳ ᠤᠨ ᠬᠡᠷ ᠲᠤ ᠨᠢᠰᠦᠨ ᠣᠷᠣᠭᠤᠯᠪᠠ︾
ᠨᠡᠶᠢᠲᠡᠯᠡᠭᠰᠡᠨ ᠴᠠᠭ᠄
2020/12/11
     ᠰᠢᠨ᠎ᠡ ᠰᠦᠯᠵᠢᠶ᠎ᠡ ᠶᠢᠨ ᠥᠪᠥᠷ ᠮᠣᠩᠭᠤᠯ ᠤᠨ ᠰᠣᠨᠢᠨ ᠮᠡᠳᠡᠭᠡᠨ ᠤ 12 ᠰᠠᠷ᠎ᠠ ᠶᠢᠨ 10 ᠤ ᠡᠳᠦᠷ ᠤᠨ ᠮᠡᠳᠡᠭᠡ᠄ ᠦᠪᠦᠷ ᠮᠣᠩᠭᠤᠯ ᠤᠨ ᠰᠢᠩ ᠾᠧ ᠰᠢᠶᠠᠨ᠄ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ︽ᠡᠬᠡᠯ ᠠᠷᠠᠳ ᠤᠨ ᠬᠡᠷ ᠲᠤ ᠨᠢᠰᠦᠨ ᠣᠷᠣᠪᠠ︾     ᠵᠦᠬᠢᠶᠠᠭᠴᠢ᠄ ᠵᠠᠩ ᠯᠢᠨ ᠬᠤ    ᠬᠤᠤ ᠵᠢᠶᠦ᠋ᠨ ᠸᠧᠶ      ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ᠂ ᠰᠢᠩ ᠾᠧ ᠰᠢᠶᠠᠨ ᠨᠢ ᠰᠢᠩ ᠾᠧ ᠪᠣᠯᠤᠨ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠲᠤ ᠰᠠᠭᠤᠷᠢᠯᠠᠨ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠠᠮᠢ ᠠᠬᠤᠶ ᠶᠢᠨ ᠠᠵᠤ ᠠᠬᠤᠶ᠂ ᠵᠠᠩᠭᠢᠯᠠᠭ᠎ᠠ ᠶᠢᠨ ᠠᠵᠤ ᠠᠬᠤᠶ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠬᠦᠷᠢᠶᠡᠯᠡᠩ ᠲᠣᠭᠤᠷᠢᠭ ᠵᠡᠷᠭᠡ ᠬᠥᠭᠵᠢᠯᠲᠡ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠨ᠎ᠠ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢᠶᠠᠷ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠠᠰᠢᠭᠲᠠᠶ ᠪᠠᠶᠢᠳᠠᠯ ᠢ ᠠᠰᠢᠭᠯᠠᠨ ᠤᠷᠤᠭᠰᠢᠯᠠᠵᠤ᠂ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃︾ 10 ᠤ ᠡᠳᠦᠷ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠃      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠬᠤᠷᠠᠯᠳᠤᠭᠰᠠᠨ ᠤ ᠳᠠᠷᠠᠭ᠎ᠠ᠂ ᠡᠮᠬᠢᠯᠡᠨ ᠳᠢᠭᠯᠡᠭᠰᠡᠨ ︽13 · 5︾ ᠶᠢᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠤᠭᠰᠠᠨ ᠪᠠ ᠪᠡᠶᠡᠯᠡᠭᠦᠯᠦᠭᠰᠡᠨ ᠪᠠᠶᠢᠳᠠᠯ ᠳᠤ ᠴᠢᠭᠯᠡᠭᠦᠯᠦᠨ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽13 · 5︾ ᠶᠢᠨ ᠲᠥᠯᠥᠪᠵᠢᠭᠦᠯᠭᠡ ᠶᠢᠨ ᠴᠢᠨᠠᠷ ᠰᠠᠶᠢᠲᠠᠶ ᠲᠡᠭᠦᠰᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠤᠨ ᠵᠣᠬᠢᠶᠠᠨ᠎ᠠ᠃      ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ︽ᠡᠭᠡᠯ ᠠᠷᠠᠳ ᠤᠨ ᠭᠡᠷ ᠲᠤ ᠨᠢᠰᠦᠨ ᠣᠷᠣᠭᠤᠯᠬᠤ ᠶᠢᠨ ᠲᠥᠯᠥᠭᠡ᠂ ᠪᠦᠬᠦ ᠰᠢᠶᠠᠨ ᠤ 33 ᠲᠦᠮᠡᠨ ᠠᠷᠠᠳ ᠤᠯᠠᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡ ᠶᠢ ᠰᠠᠶᠢᠲᠤᠷ ᠲᠦᠯᠦᠪᠵᠢᠭᠦᠯᠵᠦ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠪᠡᠶ᠎ᠡ ᠪᠠᠷ ᠢᠶᠠᠨ ᠬᠥᠳᠡᠭᠡ ᠲᠣᠰᠬᠤᠨ ᠬᠢᠭᠡᠳ ᠬᠤᠳᠠ ᠪᠠᠯᠭᠠᠰᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠦᠨ᠎ᠡ᠃
     ᠡᠷᠳᠡᠨᠢ ᠪᠠᠯᠭᠠᠰᠤᠨ ᠳᠤ ᠹᠦ᠋ ᠬᠠᠶ ᠴᠢᠩ ᠪᠠᠯᠭᠠᠰᠤᠨ ᠤ ᠲᠣᠰᠬᠤᠨ ᠤ ᠺᠠᠳ᠋ᠷ ᠪᠣᠯᠤᠨ ᠵᠠᠯᠠᠭᠤ ᠨᠠᠮ ᠤᠨ ᠭᠡᠰᠢᠭᠦᠨ ᠪᠣᠯᠤᠨ ᠲᠣᠰᠬᠤᠨ ᠤ ᠠᠷᠠᠳ ᠲᠠᠢ ᠬᠠᠮᠲᠤ ᠭᠦᠨᠵᠡᠭᠡᠶ ᠰᠣᠯᠢᠯᠴᠠᠭ᠎ᠠ ᠬᠢᠵᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠢᠭᠤᠷᠳᠠᠨ ᠤᠯᠠᠨ ᠳᠤ ᠤᠬᠠᠭᠤᠯᠤᠨ ᠲᠠᠶᠢᠯᠪᠤᠷᠢᠯᠠᠪᠠ᠃ ᠹᠦ᠋ ᠬᠠᠢ ᠴᠢᠩ ᠲᠣᠰᠬᠤᠨ ᠤ ᠠᠷᠠᠳ ᠲᠤ᠂ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠬᠠᠷᠠᠯᠲᠠ ᠪᠣᠯ ᠳᠠᠷᠤᠶ ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠶᠢᠨ ᠲᠥᠯᠥᠭᠡ ᠶᠤᠮ᠃ ︽ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ᠂ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠭᠦᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠶᠢᠰᠢᠳᠠ ᠬᠥᠳᠡᠭᠡ ᠲᠣᠰᠬᠤᠨ ᠤ ᠬᠥᠭᠵᠢᠯᠲᠡ ᠶᠠᠪᠤᠬᠤ ᠳᠤᠳᠤᠮ ᠰᠠᠶᠢᠵᠢᠷᠠᠵᠤ᠂ ᠲᠠᠷᠢᠶᠠᠴᠢᠳ ᠤᠨ ᠠᠮᠢᠳᠤᠷᠠᠯ ᠶᠠᠪᠤᠬᠤ ᠳᠤᠳᠤᠮ ᠥᠭᠡᠳᠡ ᠡᠰᠡᠷᠡᠭ ᠪᠣᠯᠬᠤ ᠶᠤᠮ᠃ ᠭᠡᠵᠦ ᠹᠦ᠋ ᠬᠠᠢ ᠴᠢᠩ ᠬᠡᠯᠡᠪᠡ᠃
     ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠰᠠᠶᠢᠨ ᠰᠠᠶᠢᠬᠠᠨ ᠠᠮᠢᠳᠤᠷᠠᠭᠤᠯᠬᠤ ᠪᠣᠯ ᠰᠢᠩ ᠾᠧ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠤᠶᠤᠨ ᠤᠬᠠᠭᠠᠨ ᠢᠶᠠᠨ ᠰᠢᠪᠬᠠᠨ ᠪᠣᠳᠣᠯᠬᠢᠯᠠᠭᠰᠠᠭᠠᠷ ᠢᠷᠡᠭᠰᠡᠨ ᠠᠰᠠᠭᠤᠳᠠᠯ ᠪᠣᠯᠤᠨ᠎ᠠ᠃ ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠶ ᠴᠢᠩ ᠨᠡᠩ ᠴᠤ ᠪᠡᠶᠡᠴᠢᠯᠡᠨ ᠬᠢᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠶ᠃      ᠭᠠᠴᠠᠭᠠᠨ ᠤ ᠵᠥᠪᠯᠡᠯ ᠳᠤ ᠢᠷᠡᠵᠦ ᠠᠵᠢᠯ ᠪᠠᠶᠢᠴᠠᠭᠠᠭᠠᠳ᠂ ᠬᠤᠭᠤᠯᠠᠨ ᠤ ᠴᠠᠭ ᠢ ᠠᠮᠵᠢᠵᠤ᠂ ᠹᠦ᠋ ᠱᠦᠵᠢ ᠬᠤᠶᠠᠷ ᠮᠠᠨᠲᠠᠤ ᠲᠠᠭᠠᠷᠠᠭᠤᠯᠤᠭᠠᠳ ᠰᠡᠩᠳᠡ ᠮᠡᠩᠳᠡ ᠲᠡᠷᠭᠡᠨ ᠳᠤ ᠭᠠᠷᠴᠤ᠂ ᠬᠤᠶᠠᠷ ᠮᠠᠨᠲᠠᠤ ᠨᠢ ᠦᠳᠡ ᠶᠢᠨ ᠬᠤᠭᠤᠯᠠ ᠪᠠᠷ ᠪᠣᠳᠣᠵᠠᠢ᠃︾ ᠭᠡᠵᠦ ᠰᠢᠩ ᠾᠧ ᠰᠢᠶᠠᠨ ᠤ ᠡᠤ ᠬᠥ᠋ ᠴᠢᠤᠸᠠᠨ ᠰᠢᠶᠠᠩ ᠤᠨ ᠨᠠᠮ ᠤᠨ ᠬᠤᠷᠢᠶᠠᠨ ᠤ ᠱᠦᠵᠢ ᠵᠠᠩ ᠭᠤᠸᠠᠩ ᠬᠡᠯᠡᠪᠡ᠃      ︽ᠥᠷᠯᠥᠭᠡ ᠶᠢᠨ 1 ᠴᠠᠭ ᠲᠤ᠂ ᠹᠦ᠋ ᠱᠦᠵᠢ ᠪᠠᠰᠠ ᠭᠠᠴᠠᠭᠠᠨ ᠤ ᠠᠷᠠᠳ ᠤᠨ ᠵᠥᠪᠯᠡᠯ ᠳᠤ ᠠᠵᠢᠯ ᠪᠠᠶᠢᠴᠠᠭᠠᠪᠠ᠃ ᠥᠷᠯᠥᠭᠡ ᠶᠢᠨ 2 ᠴᠠᠭ ᠲᠤ᠂ ᠡᠷᠢᠵᠦ ᠪᠠᠶᠢᠭ᠎ᠠ ᠠᠰᠠᠭᠤᠳᠠᠯ ᠢ ᠣᠯᠠᠨ ᠲᠦᠮᠡᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠨᠡᠶᠢᠲᠡᠯᠡᠪᠡ᠃ ᠥᠷᠯᠥᠭᠡ ᠶᠢᠨ ᠵᠢᠷᠭᠤᠭᠠᠨ ᠴᠠᠭ ᠲᠤ᠂ ᠲᠡᠷᠡ ᠪᠠᠰᠠ ᠠᠵᠢᠯ ᠤᠨ ᠰᠦᠷᠦᠭ ᠲᠡᠭᠡᠨ ᠨᠢᠭᠡ ᠡᠳᠦᠷ ᠤᠨ ᠡᠭᠦᠷᠭᠡ ᠪᠠᠶᠢᠷᠢᠯᠠᠭᠤᠯᠵᠤ ᠡᠬᠢᠯᠡᠪᠡ ᠁ ᠨᠢᠭᠡ ᠡᠳᠦᠷ ᠤᠨ ᠳᠠᠷᠠᠭ᠎ᠠ᠂ ᠲᠡᠷᠡ ᠨᠡᠶᠢᠲᠡ 5 ᠴᠠᠭ ᠠᠮᠠᠷᠠᠭᠰᠠᠨ ᠦᠭᠡᠢ᠃︾ ᠭᠡᠵᠦ ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠵᠠᠩ ᠰᠢᠶᠤᠤ ᠬᠤᠩ ᠬᠡᠯᠡᠵᠡᠶ᠃
     ᠦᠷ᠎ᠡ ᠶᠢᠨ ᠵᠢᠯ ᠤᠨ ᠲᠤᠷᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠯᠦᠩᠭᠦᠶ ᠲᠤᠬᠢᠷᠠᠭᠤᠯᠤᠯᠲᠠ ᠬᠢᠬᠦ ᠪᠠᠷ ᠳᠠᠮᠵᠢᠨ᠂ ᠣᠳᠣ ᠪᠣᠯᠲᠠᠯ᠎ᠠ᠂ ᠰᠢᠩ ᠾᠧ ᠰᠢᠶᠠᠨ ᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 13668 ᠡᠷᠦᠬᠡ 35147 ᠬᠥᠮᠦᠨ ᠪᠠᠶᠢᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 2015 ᠣᠨ ᠳᠤ 2714 ᠲᠥᠭᠦᠷᠢᠭ ᠪᠠᠶᠢᠭᠰᠠᠨ ᠠᠴᠠ ᠪᠠᠨ 2019 ᠣᠨ ᠳᠤ 9141 ᠲᠥᠭᠦᠷᠢᠭ ᠪᠣᠯᠵᠣ ᠨᠡᠮᠡᠭᠳᠡᠪᠡ᠃ ᠵᠢᠯ ᠳᠤᠮᠳᠠᠴᠢ ᠶᠢᠨ ᠨᠡᠮᠡᠭᠳᠡᠯ ᠤᠨ ᠬᠡᠮᠵᠢᠶ᠎ᠡ 47.4% ᠪᠠᠶᠢᠵᠤ᠂ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠪᠠ᠃      2020 ᠣᠨ ᠤ 3 ᠰᠠᠷ᠎ᠠ ᠳᠤ᠂ ᠰᠢᠩ ᠾᠧ ᠰᠢᠶᠠᠨ ᠤᠯᠤᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠳᠠᠷᠠᠭᠠᠯᠠᠨ ᠠᠴᠠ ᠵᠢᠩᠬᠢᠨᠢ ᠪᠠᠷ ᠤᠬᠤᠷᠢᠨ ᠭᠠᠷᠴᠤ᠂ ᠪᠥᠬᠦ ᠰᠢᠶᠠᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃      ᠡᠳᠦᠭᠡ᠂ ᠰᠢᠩ ᠾᠧ ᠰᠢᠶᠠᠨ ᠮᠥᠨ ᠬᠦ ︽ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠠᠴᠠ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠥᠷᠦ ᠶᠢᠨ ᠪᠣᠳᠣᠯᠭ᠎ᠠ ᠠᠴᠠ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠠᠴᠠ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠠᠴᠠ ᠰᠠᠯᠬᠤ ᠦᠭᠡᠢ︾ ᠵᠠᠷᠴᠢᠮ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ︽ᠠᠵᠤ ᠦᠢᠯᠡᠰ ᠬᠥᠭᠵᠢᠨ ᠴᠡᠴᠡᠭᠯᠡᠬᠦ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠤᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭᠵᠢᠬᠦ︾ ᠴᠢᠭᠯᠡᠯᠲᠡ ᠶᠣᠰᠣᠭᠠᠷ᠂ ᠲᠣᠰᠬᠤᠨ ᠳᠤ ᠰᠠᠭᠤᠭ᠎ᠠ ᠪᠦᠬᠦ ᠺᠠᠳ᠋ᠷ ᠨᠢᠭᠡᠨᠲᠡ ᠶᠠᠳᠠᠭᠤ ᠠᠴᠠ ᠠᠩᠭᠢᠵᠢᠷᠠᠭᠰᠠᠨ ︽ᠶᠠᠳᠠᠭᠤ ᠬᠦᠴᠢᠷᠳᠡᠯᠲᠡᠢ ᠡᠷᠦᠬᠡ︾ ᠶᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠲᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃ ᠡᠭᠦᠨ ᠠᠴᠠ ᠭᠠᠳᠠᠨ᠎ᠠ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠠᠢ ᠤᠶᠠᠯᠳᠤᠭᠤᠯᠤᠨ᠂ ᠰᠢᠩ ᠾᠧ ᠰᠢᠶᠠᠨ 7823 ᠡᠷᠦᠬᠡ ᠶᠢᠨ ᠨᠤᠷᠠᠬᠤ ᠠᠶᠤᠯᠲᠠᠶ ᠰᠢᠷᠣᠶ ᠶᠢᠨ ᠭᠡᠷ ᠪᠠᠶᠢᠰᠢᠩ ᠢ ᠨᠤᠷᠠᠭᠠᠨ᠂ 26 ᠭᠡᠷ ᠤᠨ ᠬᠡᠪᠴᠢᠶᠡᠵᠢᠭᠰᠡᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠭᠠᠰᠤᠨ ᠪᠣᠬᠢᠷᠲᠤᠯ ᠢ ᠰᠢᠢᠳᠪᠤᠷᠢᠯᠡᠯ ᠠᠰᠢᠭᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠨ ᠵᠠᠰᠠᠵᠤ᠂ ᠭᠤᠷᠪᠠᠨ ᠪᠠᠭᠠᠰᠤᠨ ᠤ ᠪᠣᠬᠢᠷᠲᠤᠯ ᠢ ᠰᠢᠢᠳᠪᠤᠷᠢᠯᠡᠬᠦ ᠲᠥᠪ ᠪᠠᠶᠢᠭᠤᠯᠵᠤ᠂ ᠪᠦᠬᠦ ᠰᠢᠶᠠᠨ ᠤ 161 ᠵᠠᠰᠠᠭ ᠵᠠᠬᠢᠷᠭᠠᠨ ᠤ ᠲᠣᠰᠬᠤᠨ ᠳᠤ ᠪᠠᠭᠠᠰᠤ ᠰᠢᠭᠡᠰᠦ ᠬᠤᠷᠢᠶᠠᠬᠤ ᠬᠠᠶᠢᠷᠴᠠᠭ ᠲᠦᠬᠢᠷᠠᠭᠤᠯᠵᠤ᠂ ᠡᠯ᠎ᠡ ᠲᠣᠰᠬᠤᠨ ᠤ ᠡᠳᠦᠷ ᠲᠤᠲᠤᠮ ᠤᠨ ᠪᠤᠶ ᠪᠣᠯᠤᠭᠰᠠᠨ ᠮᠠᠯ ᠵᠢᠭᠦᠷᠲᠡᠨ ᠤ ᠪᠠᠭᠠᠰᠤ ᠰᠢᠭᠡᠰᠦ ᠶᠢ ᠴᠤᠭᠯᠠ ᠭᠤᠯᠬᠤ ᠳᠤ ᠬᠡᠷᠡᠭᠯᠡᠵᠡᠶ᠃ 10721 ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠠᠶᠢᠳᠠᠯ ᠲᠠᠢ ᠪᠤᠯᠵᠤ᠂ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠪᠡ᠃      ᠨᠢᠭᠡ ᠲᠠᠯᠠᠪᠤᠷ ᠤᠬᠠᠭᠤᠯᠤᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠡᠯ᠎ᠡ ᠨᠢᠭᠡᠴᠡ ᠳᠤ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ᠹᠦ᠋ ᠬᠠᠢ ᠴᠢᠩ ᠬᠡᠯᠡᠬᠦ ᠳᠡᠭᠡᠨ᠂ ᠪᠦᠬᠦ ᠰᠢᠶᠠᠨ ᠤ ᠡᠯ᠎ᠡ ᠨᠢᠭᠡᠴᠡ ᠶᠢᠨ ᠤᠳᠤᠷᠢᠳᠬᠤ ᠪᠠᠭ ᠲᠦᠷᠦᠭᠦᠯᠡᠨ ᠭᠦᠨᠵᠡᠭᠡᠶ ᠰᠤᠳᠤᠯᠵᠤ ᠨᠢᠮᠪᠠᠶ ᠰᠤᠷᠤᠯᠴᠠᠬᠤ ᠪᠠᠷ ᠪᠠᠷᠠᠬᠤ ᠦᠭᠡᠶ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠠᠷᠭ᠎ᠠ ᠮᠠᠶ᠋ᠢᠭ ᠢᠶᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠡᠷᠦᠬᠡ ᠳᠤ ᠬᠦᠷᠭᠡᠬᠦ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠲᠠᠰᠤᠷᠠᠯᠲᠠ ᠦᠭᠡᠢ ᠨᠢᠭᠲᠠᠷᠠᠭᠤᠯᠤᠨ᠎ᠠ᠃ ᠡᠭᠦᠨ ᠤ ᠳᠤ ᠬᠠᠮᠲᠤ ᠨᠠᠩ ᠴᠤ ᠨᠡᠶᠢᠭᠡᠮ ᠲᠣᠭᠤᠷᠢᠭ ᠲᠤ ᠰᠠᠭᠤᠷᠢᠯᠠᠵᠤ᠂ ᠠᠷᠠᠳ ᠲᠦᠮᠡᠨ ᠳᠤ ᠤᠶᠢᠯᠡᠴᠢᠯᠡᠬᠦ ᠬᠤᠸᠠᠷ ᠬᠠᠳᠬᠤᠬᠤ ᠡᠷᠳᠡᠮ ᠪᠣᠯᠤᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠠᠳᠠᠭᠤᠵᠢᠯᠲᠠᠢ ᠪᠣᠯᠪᠠᠰᠤᠷᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡ ᠶᠢᠨ ᠰᠢᠯᠭᠠᠯᠲᠠ ᠳᠤ ᠤᠷᠤᠯᠴᠠᠵᠠᠢ  ᠃ ᠣᠯᠠᠨ ᠲᠦᠮᠡᠨ ᠤ ᠬᠠᠮᠤᠭ ᠤᠨ ᠶᠠᠭᠠᠷᠠᠯᠲᠠᠶ ᠬᠠᠮᠤᠭ ᠤᠨ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠠᠶᠢᠲᠤᠷ ᠰᠢᠢᠳᠪᠤᠷᠢᠯᠡᠬᠦ ᠪᠠᠷ ᠲᠡᠮᠡᠴᠡᠬᠦ ᠴᠢᠭᠯᠡᠯ ᠪᠣᠯᠭᠠᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠶᠢᠲᠤᠷ ᠬᠠᠷᠢᠭᠤᠯᠬᠤ ᠰᠠᠭᠤᠷᠢ ᠰᠡᠳᠦᠪ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠢᠴᠠᠩᠭᠤᠶ ᠶᠠᠳᠠᠭᠤ ᠬᠦᠴᠢᠷᠳᠡᠯ ᠢ ᠰᠢᠢᠳᠪᠤᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ᠂ ᠶᠠᠳᠠᠭᠤ ᠠᠴᠠ ᠠᠩᠭᠢᠵᠢᠷ ᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠦᠷᠭᠦᠯᠵᠢᠯᠡᠭᠦᠯᠵᠦ᠂ ᠰᠠᠭᠤᠭᠠᠯᠢ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠬᠡᠯ ᠠᠷᠠᠳ ᠤᠨ ᠭᠡᠷ ᠲᠤ ᠣᠷᠣᠭᠤᠯᠬᠤ ᠬᠡᠷᠡᠭᠲᠡᠢ᠃                                                                                      ᠣᠷᠴᠢᠭᠤᠯᠤᠭᠴᠢ᠄ ᠨᠠᠷᠠᠰᠤ    
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3