ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃
ᠨᠡᠶᠢᠲᠡᠯᠡᠭᠰᠡᠨ ᠴᠠᠭ᠄
2020/12/12
ᠭᠤᠣᠯ ᠰᠡᠳᠦᠪ  ᠄     ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠴᠠᠭ ᠬᠤᠭᠤᠴᠠᠭ᠎ᠠ  ᠄        2020 ᠣᠨ ᠤ 12 ᠰᠠᠷ᠎ᠠ ᠶᠢᠨ 12 ᠤᠨ ᠡᠳᠦᠷ ᠵᠣᠴᠢᠨ  ᠄        ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩᠲᠣᠪᠴᠢᠯᠠᠯ  ᠄       ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠨᠢ ︿ᠬᠤᠤᠰ ᠵᠠᠭᠤᠨ ᠵᠢᠯ﹀ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ ᠵᠣᠭᠰᠣᠵᠤ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠵᠢᠷᠤᠭ ᠲᠥᠰᠦᠪ ᠢ ᠲᠥᠯᠥᠪᠵᠢᠭᠦᠯᠵᠦ ᠂ ᠤᠶᠢᠯᠡᠳᠤᠯᠭᠡ ᠶᠢᠨ ᠠᠷᠭ᠎ᠠ ᠵᠠᠮ ᠢ ᠲᠥᠯᠥᠪᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠠ᠂ ᠡᠨᠡ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠢᠯᠠᠯᠲᠠ ᠣᠯᠤᠮᠠᠷ ᠪᠠᠶᠢᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤᠳᠠᠯ ᠥᠬᠡᠶ ᠡᠬᠢᠯᠡᠬᠦ ᠴᠢᠬᠤᠯᠠ ᠲᠡᠦᠬᠡᠨ ᠴᠠᠭ ᠮᠥᠴᠡ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠪᠦᠲᠦᠭᠡᠯᠴᠢ ᠴᠢᠨᠠᠷᠲᠠᠶ᠂ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠃ ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠰᠢᠩ ᠾᠧ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠡᠷᠡᠰ ᠨᠢᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠶᠢ ᠯᠠᠪᠳᠠᠭᠤᠨ ᠪᠠᠲᠤᠲᠠᠢ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃ᠰᠤᠷᠪᠤᠯᠵᠢᠯᠠᠭᠴᠢ  ᠄ ᠹᠦ᠋ ᠱᠦᠵᠢ ᠲᠠ ᠰᠠᠶᠢᠨ ᠤᠤ᠂ ᠰᠢᠩ ᠾᠧ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠠᠵᠢᠯ ᠤᠨ ᠰᠡᠳᠬᠢᠮᠵᠢ ᠪᠠᠨ ᠶᠠᠷᠢᠭᠠᠷᠠᠶ᠃ᠹᠦ᠋ ᠬᠠᠢ ᠴᠢᠩ  ᠄ ᠰᠢᠨ᠎ᠡ ᠠᠶᠠᠨ ᠵᠠᠮ ᠳᠠᠭᠠᠨ᠂ ᠰᠢᠨ᠎ᠡ ᠡᠭᠦᠷᠭᠡ ᠬᠠᠷᠢᠭᠤᠴᠠᠯᠭ᠎ᠠ ᠤᠷᠤᠭᠰᠢᠯᠠᠨ᠎ᠠ᠃ ᠰᠢᠩ ᠾᠧ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠡᠷᠡᠰ ᠨᠢᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠶᠢ ᠯᠠᠪᠳᠠᠭᠤᠨ ᠪᠠᠲᠤᠲᠠᠶ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠬᠤ ᠬᠡᠷᠡᠭᠲᠡᠶ᠃ ᠤᠯᠠᠭᠠᠨᠴᠠᠪ ᠤᠨ ᠣᠨᠴᠠᠯᠢᠭᠲᠤ ᠬᠥᠭᠵᠢᠯᠲᠡ ᠶᠢᠨ ᠥᠨᠳᠦᠷᠯᠢᠭ ᠭᠠᠵᠠᠷ ᠢ ᠴᠢᠷᠮᠠᠶᠢᠨ ᠪᠠᠶᠢᠭᠤᠯᠬᠤ ᠪᠣᠯ ᠰᠢᠩ ᠾᠧ ᠰᠢᠶᠠᠨ ᠤ ᠵᠢᠷᠤᠭᠯᠠᠭᠰᠠᠨ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠮᠥᠨ᠃  ᠰᠢᠩ ᠾᠧ ᠰᠢᠶᠠᠨ ᠲᠠᠪᠤᠨ ᠲᠠᠯ᠎ᠠ ᠪᠠᠷ ᠰᠢᠩ ᠾᠧ ᠰᠢᠶᠠᠨ ᠤ ᠬᠥᠭᠵᠢᠯᠲᠡ ᠶᠢ ᠠᠬᠢᠭᠤᠯᠵᠤ ᠰᠢᠨ᠎ᠡ ᠲᠦᠪᠰᠢᠨ ᠳᠤ ᠬᠦᠷᠭᠡᠬᠦ ᠬᠡᠷᠡᠭᠲᠡᠶ᠃      ᠨᠢᠭᠡ ᠳᠤ᠂ ᠠᠵᠤ ᠤᠶᠢᠯᠡᠰ ᠢᠶᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠠᠵᠤ ᠠᠬᠤᠶ ᠶᠢ ᠬᠥᠭᠵᠢᠭᠦᠯᠵᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠠᠵᠤ ᠤᠶᠢᠯᠡᠳᠪᠤᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠲᠠ ᠬᠥᠳᠡᠭᠡ ᠬᠠᠷᠢᠯᠴᠠᠨ ᠨᠥᠬᠦᠪᠥᠷᠢᠯᠡᠭᠰᠡᠨ᠂ ᠵᠣᠬᠢᠴᠠᠩᠭᠤᠶ ᠬᠥᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠢᠨ᠎ᠡ ᠬᠡᠯᠪᠡᠷᠢ ᠶᠢᠨ ᠠᠵᠤ  ᠤᠶᠢᠯᠡᠳᠪᠤᠷᠢ ᠲᠠᠷᠢᠶᠠᠯᠠᠩ ᠬᠤᠲᠠ ᠬᠥᠳᠡᠭᠡ ᠶᠢᠨ ᠬᠠᠷᠢᠴᠠᠭ᠎ᠠ ᠪᠦᠷᠢᠯᠳᠦᠬᠦ ᠶᠢ ᠠᠬᠢᠭᠤᠯᠬᠤ ᠬᠡᠷᠡᠭᠲᠡᠶ᠃ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠵᠠᠷᠴᠢᠮ ᠶᠣᠰᠣᠭᠠᠷ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠲᠤᠬᠢᠷᠠᠭᠤᠯᠵᠤ᠂ ᠤᠷᠳᠤ ᠬᠡᠯᠬᠢᠶᠡᠲᠦ᠂ ᠨᠢᠭᠲᠠ ᠬᠡᠯᠪᠡᠷᠢ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠤᠨᠴᠠᠯᠢᠭᠳᠤ ᠠᠵᠤ ᠠᠬᠤᠢ ᠶᠢᠨ ᠤᠢ᠂ ᠮᠠᠯ ᠵᠢᠭᠦᠷᠲᠡᠨ ᠢ ᠠᠷᠠᠯᠵᠢᠶᠠᠯᠠᠨ ᠠᠯᠠᠵᠤ ᠪᠣᠯᠪᠠᠰᠤᠷᠠᠭᠤᠯᠬᠤ᠂ ᠢᠳᠡᠰᠢᠨ ᠨᠣᠭᠤᠭ᠎ᠠ ᠶᠢ ᠨᠠᠷᠢᠯᠢᠭ ᠪᠣᠯᠪᠠᠰᠤᠷᠠᠭᠤᠯᠬᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠲᠦᠷᠪᠡᠨ ᠶᠡᠭᠡ ᠠᠵᠤ ᠦᠢᠯᠡᠰ ᠤᠨ ᠰᠢᠰᠲ᠋ᠧᠮ ᠢ ᠭᠤᠣᠯᠳᠠᠯᠭ᠎ᠠ ᠲᠠᠢ ᠪᠠᠷ ᠪᠠᠶᠢᠭᠤᠯᠵᠤ᠂ ᠨᠡᠶᠢᠰᠯᠡᠯ ᠳᠤ ᠬᠠᠨᠳᠤᠭᠤᠯᠤᠭᠰᠠᠨ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠬᠤᠪᠢᠶᠠᠨ ᠢᠯᠭᠠᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠂ ᠲᠤᠬᠢᠷᠠᠭᠤᠯᠤᠨ ᠬᠦᠷᠭᠡᠬᠦ ᠵᠡᠷᠭᠡ ᠡᠯ᠎ᠡ ᠭᠤᠭᠴᠤᠭ᠎ᠠ ᠳᠠᠬᠢ ︽ᠲᠥᠪ ᠲᠣᠭᠤᠭᠠᠨ ᠭᠡᠷ︾ ᠢ ᠪᠠᠶᠢᠭᠤᠯᠤᠨ᠎ᠠ᠃       ᠬᠤᠶᠠᠷ ᠲᠤ᠂ ᠠᠮᠢ ᠠᠬᠤᠶ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠠᠵᠤ ᠠᠬᠤᠶ ᠶᠢ ᠬᠥᠭᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠬᠢᠭᠡᠳ ᠪᠣᠬᠢᠷᠲᠤᠯ ᠥᠬᠡᠶ ᠬᠥᠭᠵᠢᠯᠲᠡ ᠶᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠵᠢᠭᠤᠯᠴᠢᠯᠠᠯ ᠢᠶᠠᠷ ᠭᠠᠷᠳᠠᠬᠤ ᠴᠡᠭ ᠪᠣᠯᠭᠠᠵᠤ᠂ ᠰᠤᠮᠤᠨ ᠠᠭᠤᠯᠠ ᠶᠢᠨ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ︽ᠴᠠᠷ ᠨᠠᠭᠤᠷ ᠯᠦ ᠵᠢᠶᠠ ᠶᠢᠩ ᠰᠤᠮᠤᠨ ᠠᠭᠤᠯᠠ︾ ᠶᠢᠨ ᠰᠣᠳᠣᠨ ᠱᠤᠭᠤᠮ ᠢ ᠭᠤᠣᠯᠳᠠᠯᠭ᠎ᠠ ᠲᠠᠢ ᠴᠣᠭᠴᠠᠯᠠᠵᠤ᠂ ︽ᠵᠢᠭᠤᠯᠴᠢᠯᠠᠯ +︾ ᠰᠡᠳᠬᠢᠬᠦᠶ ᠪᠠᠷ ᠵᠠᠮ ᠳᠠᠭᠠᠤ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠠᠮᠢ ᠠᠬᠤᠶ ᠶᠢᠨ ᠠᠵᠤ ᠤᠶᠢᠯᠡᠰ ᠤᠨ ᠲᠠᠰ ᠳᠡᠪᠰᠢᠬᠦ ᠶᠢ ᠳᠠᠶᠢᠴᠢᠯᠠᠵᠤ᠂ ᠪᠣᠬᠢᠷᠲᠤᠯ ᠥᠬᠡᠶ ᠤᠶᠢᠯᠡᠳᠪᠤᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃       ᠭᠤᠷᠪᠠ ᠳᠤ᠂ ᠭᠦᠢᠯᠭᠡᠭᠡ ᠪᠠᠷ ᠰᠢᠨ᠎ᠡ ᠪᠣᠯᠭᠠᠬᠤ᠂ ᠬᠦᠢᠰᠦ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ 110 ᠤᠯᠤᠰ ᠤᠨ ᠵᠠᠮ ᠤᠨ ᠱᠤᠭᠤᠮ ᠢ ᠱᠤᠭᠤᠮ ᠪᠣᠯᠭᠠᠨ ᠥᠭᠡᠷᠡᠴᠢᠯᠡᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠡᠭᠦᠨ ᠢᠶᠠᠷ ᠲᠡᠩᠭᠡᠯᠢᠭ ᠱᠤᠭᠤᠮ ᠪᠣᠯᠭᠠᠵᠤ᠂ ᠰᠢᠩ ᠡᡁᠧ ᠰᠢᠶᠠᠨ ᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠠᠶᠢᠭᠠᠳ ᠰᠢᠩ ᠡᡁᠧ ᠳᠤ ᠬᠤᠳᠠᠯᠳᠤᠨ ᠠᠪᠬᠤ᠂ ᠣᠷᠣᠨ ᠪᠦᠰᠡ ᠪᠠᠷ ᠬᠤᠪᠢᠶᠠᠷᠢᠯᠠᠨ ᠥᠭᠬᠦ ᠪᠠ ᠲᠤᠬᠢᠷᠠᠭᠤᠯᠤᠨ ᠬᠦᠷᠭᠡᠬᠦ ᠲᠥᠪ ᠪᠠᠶᠢᠭᠤᠯᠵᠤ᠂ ᠪᠠᠷᠠᠭᠠᠨ ᠤ ᠭᠦᠢᠯᠭᠡᠭᠡ᠂ ᠬᠥᠮᠥᠷᠭᠡᠯᠡᠨ ᠬᠠᠳᠠᠭᠠᠯᠠᠬᠤ᠂ ᠡᠯᠧᠺᠲᠷᠣᠨ ᠬᠤᠳᠠᠯᠳᠤᠭ᠎ᠠ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠠᠶᠢᠷᠢᠰᠢᠭᠤᠯᠵᠤ᠂ ᠳᠣᠲᠣᠭᠠᠳᠤ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠪᠣᠯᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠰᠠᠭᠤᠷᠢᠨ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠪᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠭᠢᠯᠲᠡ ᠬᠠᠷᠢᠯᠴᠠᠨ ᠠᠬᠢᠭᠤᠯᠤᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃      ᠳᠥᠷᠪᠡ ᠳᠤ᠂ ᠨᠡᠭᠡᠭᠡᠯᠲᠡ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠠᠵᠤ ᠠᠬᠤᠶ ᠶᠢ ᠬᠥᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠠ ᠲᠣᠬᠢᠶᠠᠯ ᠢ ᠠᠰᠢᠭᠯᠠᠨ᠂ ᠪᠡᠭᠡᠵᠢᠩ ᠠᠴᠠ ᠬᠥᠬᠡᠬᠤᠲᠠ ᠬᠥᠷᠬᠦ ᠲᠦᠷᠭᠡᠨ ᠲᠡᠮᠦᠷ ᠵᠠᠮ ᠤᠨ ᠲᠡᠷᠭᠡ ᠨᠡᠪᠲᠡᠷᠡᠬᠦ ᠠᠵᠠ ᠲᠣᠬᠢᠶᠠᠯ ᠢ ᠠᠮᠵᠢᠵᠤ᠂ ᠣᠷᠣᠨ ᠪᠦᠰᠡ ᠶᠢᠨ ᠠᠵᠤ ᠠᠬᠤᠶ ᠶᠢ ᠬᠥᠭᠵᠢᠭᠦᠯᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ︽ᠠᠮᠢᠨ ᠰᠤᠳᠠᠰᠤ︾ ᠪᠣᠯᠭᠠᠵᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠬᠤ᠂ ᠬᠤᠳᠠᠯᠳᠤᠭ᠎ᠠ ᠶᠢ ᠰᠢᠯᠢᠳᠡᠭᠵᠢᠭᠦᠯᠬᠦ ᠣᠶᠢᠯᠠᠭᠠᠭᠳᠠᠬᠤᠨ ᠢ ᠦᠷᠭᠦᠯᠵᠢᠯᠡᠨ ᠬᠢᠴᠢᠶᠡᠩᠭᠦ᠋ᠢᠯᠡᠨ ᠵᠢᠷᠤᠮᠯᠠᠵᠤ᠂ ︽ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ︾ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ᠂ ︽ᠬᠠᠷᠢᠭᠤ ᠠᠰᠢᠭ ᠢᠶᠠᠷ ᠬᠠᠮᠤᠭ ᠤᠨ ᠰᠢᠯᠢᠳᠡᠭ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ︽ᠦᠷ᠎ᠡ ᠪᠦᠲᠦᠮᠵᠢ ᠪᠠᠷ ᠬᠠᠮᠤᠭ ᠤᠨ ᠥᠨᠳᠥᠷ︾ ᠤᠶᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠪᠠ ᠠᠵᠤ ᠤᠶᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ      ᠲᠠᠪᠤ ᠳᠤ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠨ᠂ ᠰᠤᠷᠭᠠᠨ ᠬᠥᠮᠦᠵᠢᠯ ᠢ ᠲᠡᠩᠴᠡᠭᠦᠷᠢᠲᠡᠶ ᠪᠠᠶᠢᠯᠭᠠᠬᠤ᠂ ᠡᠮᠴᠢᠯᠡᠭᠡ ᠪᠠᠷ ᠠᠷᠠᠳ ᠲᠤ ᠠᠰᠢᠭ ᠬᠦᠷᠲᠡᠭᠡᠬᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ᠂ ᠨᠡᠶᠢᠭᠡᠮ ᠤᠨ ᠪᠠᠲᠤᠯᠠᠭ᠎ᠠ᠂ ᠣᠯᠠᠨ ᠨᠡᠶᠢᠲᠡ ᠶᠢᠨ ᠤᠶᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠶᠠᠪᠤᠵᠤ ᠰᠠᠭᠤᠬᠤ᠂ ᠢᠳᠡᠭᠡᠨ ᠤ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠶᠡᠬᠡᠪᠡᠷ ᠰᠠᠶᠢᠲᠤᠷ ᠡᠷᠭᠢᠯᠡᠵᠦ᠂ ︽ᠭᠤᠷᠪᠠᠨ ᠣᠷᠣᠨ ᠢ ᠬᠠᠮᠲᠤ ᠳᠤᠨᠢ ᠪᠠᠶᠢᠭᠤᠯᠬᠤ︾ ᠠᠯᠬᠤᠴᠠ ᠶᠢ ᠲᠦᠷᠭᠡᠳᠬᠡᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ᠃ᠹᠦ᠋ ᠬᠠᠢ ᠴᠢᠩ  ᠄ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠡᠷᠡᠮᠡᠬᠡᠶᠢᠯᠡᠨ ᠤᠷᠤᠭᠰᠢᠯᠠᠬᠤ ᠴᠠᠭ ᠪᠣᠯᠵᠠᠢ᠃ ᠰᠢᠩ ᠾᠧ ᠰᠢᠶᠠᠨ ᠤ ᠡᠯ᠎ᠡ ᠱᠠᠲᠤᠨ ᠤ ᠺᠠᠳ᠋ᠷ ᠤᠯᠠᠨ ᠲᠦᠮᠡᠨ ︽ᠰᠢᠨ᠎ᠡ ᠵᠢᠷᠤᠭ ᠲᠥᠯᠥᠪᠯᠡᠭᠡ︾᠂ ︽ᠰᠢᠨ᠎ᠡ ᠪᠠᠶᠢᠷᠢᠯᠠᠭᠤᠯᠤᠯᠲᠠ︾᠂ ︽ᠰᠢᠨ᠎ᠡ ᠱᠠᠭᠠᠷᠳᠠᠯᠭ᠎ᠠ︾ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠰᠢᠩ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ᠰᠤᠷᠪᠤᠯᠵᠢᠯᠠᠭᠴᠢ  ᠄ ᠵᠠ᠂ ᠹᠦ᠋ ᠱᠦᠵᠢ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠪᠠᠶᠠᠷᠯᠠᠯ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃                                     ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3