ᠮᠠᠨ ᠤ ᠰᠢᠶᠠᠨ ᠷᠠᠳᠢᠣ᠋ ᠲᠧᠯᠸᠢᠰ ᠢᠶᠠᠷ ᠠᠷᠠᠳ ᠲᠤ ᠠᠰᠢᠭ ᠬᠦᠷᠲᠡᠭᠡᠵᠦ ᠬᠥᠳᠡᠭᠡ ᠲᠣᠰᠬᠤᠨ ᠤ ᠠᠷᠠᠳ ᠲᠤ ᠳᠥᠭᠦᠮ‌ᠦᠵᠡᠭᠦᠯᠬᠦ ᠤᠶᠢᠯᠡᠴᠢᠯᠡᠭᠡ ᠪᠠᠷ ᠬᠦᠴᠢᠷ ᠠᠰᠠᠭᠤᠳᠠᠯ ᠢ ᠰᠢᠢᠳᠪᠤᠷᠢᠯᠡᠪᠡ
ᠨᠡᠶᠢᠲᠡᠯᠡᠭᠰᠡᠨ ᠴᠠᠭ᠄
2020/12/14
     ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠰᠢᠩ ᠾᠧ ᠰᠢᠶᠠᠨ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠰᠣᠶᠣᠯ ᠤᠨ  ᠤᠶᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠷᠠᠳᠢᠣ᠋ ᠲᠧᠯᠸᠢᠰ ᠤᠨ ᠰᠦᠯᠵᠢᠶᠡᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠬᠡᠷᠡᠭᠵᠢᠭᠦᠯᠦᠭᠰᠡᠨ ᠠᠴᠠ ᠨᠠᠰᠢ᠂ ᠰᠢᠩ ᠾᠧ ᠰᠢᠶᠠᠨ ᠤ ᠬᠥᠳᠡᠭᠡ ᠲᠣᠰᠬᠤᠨ ᠤ ᠰᠠᠭᠤᠭᠠᠯᠢ ᠠᠷᠠᠳ 13000 ᠭᠠᠷᠤᠶ ᠡᠷᠦᠬᠡ ᠲᠧᠯᠸᠢᠰ ᠤᠨ ᠫᠷᠤᠭ᠍ᠷᠠᠮ ᠢ ᠦᠵᠡᠵᠦ ᠥᠷᠭᠡᠨ ᠪᠦᠰᠡ ᠶᠢ ᠬᠡᠷᠡᠭᠯᠡᠵᠦ᠂ ᠷᠠᠳᠢᠣ ᠲᠧᠯᠸᠢᠰ ᠤᠨ ᠰᠣᠶᠣᠯ ᠤᠨ ᠤᠶᠢᠯᠡᠴᠢᠯᠡᠭᠡᠨ ᠤ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠵᠡᠶ᠃ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠷᠠᠳ ᠣᠯᠠᠨ ᠤ ᠨᠡᠪᠲᠡᠷᠡᠯᠴᠡᠭᠡ ᠬᠠᠷᠢᠯᠴᠠᠭ᠎ᠠ ᠶᠢᠨ ᠴᠢᠬᠤᠯᠠ ᠬᠥᠭᠦᠷᠭᠡ ᠬᠤᠯᠪᠣᠭᠠᠰᠤ ᠪᠣᠯᠵᠠᠶ᠃      ᠰᠤᠷᠪᠤᠯᠵᠢᠯᠠᠭᠴᠢ ᠰᠢᠩ ᠾᠧ ᠰᠢᠶᠠᠨ ᠤ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠳᠤ ᠬᠦᠷᠴᠦ᠂ ᠠᠵᠢᠯᠲᠠᠳ ᠶᠠᠭ ᠶᠠᠭᠠᠷᠠᠯᠲᠠᠶ ᠪᠥᠭᠡᠳ ᠡᠮᠬᠢ ᠵᠢᠷᠤᠮ ᠲᠠᠢ ᠠᠵᠢᠯ ᠬᠢᠵᠦ ᠪᠠᠶᠢᠨ᠎ᠠ᠂ ᠰᠡᠯᠪᠢᠨ ᠵᠠᠰᠠᠬᠤ ᠠᠵᠢᠯᠲᠠᠨ ᠨᠢᠭᠡ ᠲᠠᠯ᠎ᠠ ᠪᠠᠷ ᠤᠲᠠᠰᠤ ᠢᠷᠡᠭᠰᠡᠨ ᠬᠡᠷᠡᠭᠯᠡᠭᠴᠢ ᠲᠠᠢ ᠬᠠᠷᠢᠯᠴᠠᠵᠤ᠂ ᠨᠢᠭᠡ ᠲᠠᠯ᠎ᠠ ᠪᠠᠷ ᠬᠡᠷᠡᠭᠯᠡᠭᠴᠢ ᠶᠢᠨ ᠲᠤᠰᠬᠠᠭᠰᠠᠨ ᠠᠰᠠᠭᠤᠳᠠᠯ ᠢ ᠲᠡᠮᠳᠡᠭᠯᠡᠨ᠎ᠡ᠃ ᠤᠲᠠᠰᠤᠳᠠᠭᠰᠠᠨ ᠨᠢ ᠶᠠᠭ ᠡᠷᠳᠡᠨᠢ ᠪᠠᠯᠭᠠᠰᠤᠨ ᠤ ᠰᠠᠨ ᠬᠤᠤ ᠲᠣᠰᠬᠤᠨ ᠤ ᠠᠷᠠᠳ ᠸᠠᠩ ᠴᠢᠶᠠᠨ ᠭᠧᠨ ᠪᠣᠯᠤᠨ᠎ᠠ᠃ ᠡᠪᠦᠯ ᠣᠷᠣᠭᠰᠠᠨ ᠤ ᠳᠠᠷᠠᠭ᠎ᠠ᠂ ᠲᠠᠷᠢᠶᠠᠯᠠᠩ ᠤᠨ ᠰᠡᠯᠡᠭᠦᠦ ᠴᠠᠭ ᠲᠤ ᠣᠷᠣᠵᠤ᠂ ᠸᠠᠩ ᠴᠢᠶᠠᠨ ᠭᠧᠨ ᠪᠣᠯᠤᠨ ᠬᠥᠭᠰᠢᠨ ᠨᠢ ᠰᠤᠯᠠ ᠰᠡᠯᠡᠭᠦᠦ ᠴᠠᠭ ᠢᠶᠠᠷ ᠢᠶᠠᠨ ᠲᠧᠯᠸᠢᠰ ᠢᠶᠠᠷ ᠳᠠᠮᠵᠢᠨ ᠲᠡᠵᠢᠭᠡᠨ ᠦᠷᠡᠵᠢᠭᠦᠯᠬᠦ ᠦᠢᠯᠡᠰ᠂ ᠲᠠᠷᠢᠮᠠᠯ ᠤᠨ ᠦᠢᠯᠡᠰ ᠤᠨ ᠲᠤᠬᠠᠢ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠬᠤ ᠳᠤᠷᠠᠲᠠᠢ᠃ ᠲᠤᠰ ᠡᠳᠦᠷ ᠤᠨ ᠦᠳᠡ ᠶᠢᠨ ᠬᠤᠶᠢᠨ᠎ᠠ᠂ ᠷᠠᠳᠢᠣ ᠲᠧᠯᠸᠢᠰ ᠤᠨ ᠲᠣᠤᠷ ᠰᠦᠯᠵᠢᠶᠡᠨ ᠤ ᠺᠣᠮᠫᠠᠨᠢ ᠶᠢᠨ ᠤᠶᠢᠯᠡᠴᠢᠯᠡᠭᠴᠢ ᠸᠠᠩ ᠴᠢᠶᠠᠨ ᠭᠧᠨ ᠤ ᠭᠡᠷ ᠲᠤ ᠬᠦᠷᠴᠦ ᠲᠡᠭᠦᠨ ᠳᠤ 4k ᠰᠦᠯᠵᠢᠶᠡᠨ ᠤ ᠲᠧᠯᠸᠢᠰ ᠤᠭᠰᠠᠷᠠᠵᠤ ᠥᠭᠴᠡᠶ᠃ ᠸᠠᠩ ᠴᠢᠶᠠᠨ ᠭᠧᠨ ᠰᠢᠭ ᠷᠠᠳᠢᠣ᠋ ᠲᠧᠯᠸᠢᠰ ᠤᠨ ᠰᠦᠯᠵᠢᠶ᠎ᠡ ᠪᠠᠷ ᠥᠨᠳᠥᠷ ᠲᠣᠳᠣᠷᠬᠠᠶ ᠲᠧᠯᠸᠢᠰ ᠦᠵᠡᠵᠦ ᠪᠠᠶᠢᠭ᠎ᠠ ᠲᠠᠷᠢᠶᠠᠴᠢᠨ ᠡᠷᠦᠬᠡ ᠰᠢᠩ ᠾᠧ ᠰᠢᠶᠠᠨ ᠳᠤ 13000 ᠭᠠᠷᠤᠶ ᠡᠷᠦᠬᠡ ᠲᠠᠢ᠃      ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠰᠢᠩ ᠾᠧ ᠰᠢᠶᠠᠨ ᠬᠥᠳᠡᠭᠡ ᠲᠣᠰᠬᠤᠨ ᠤ ᠲᠣᠤᠷ ᠰᠦᠯᠵᠢᠶ᠎ᠡ ᠶᠢ ᠬᠠᠮᠤᠷᠬᠤ᠂ ᠲᠣᠤᠷ ᠰᠦᠯᠵᠢᠶ᠎ᠡ ᠪᠠᠷ ᠣᠶᠤᠨ ᠢ ᠲᠡᠳᠭᠦᠬᠦ᠂ ᠮᠡᠳᠡᠭᠡ ᠵᠠᠩᠭᠢ ᠶᠢᠨ ᠤᠶᠢᠯᠡᠴᠢᠯᠡᠭᠡ ᠪᠣᠯᠤᠨ ᠣᠯᠠᠨ ᠨᠡᠶᠢᠲᠡ ᠶᠢᠨ ᠰᠣᠶᠣᠯ ᠤᠨ ᠲᠣᠤᠷ ᠰᠦᠯᠵᠢᠶ᠎ᠡ ᠶᠢᠨ ᠤᠶᠢᠯᠡᠴᠢᠯᠡᠭᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ᠃ ᠬᠥᠳᠡᠭᠡ ᠲᠣᠰᠬᠤᠨ ᠳᠤ ᠬᠦᠷᠲᠡᠯ᠎ᠡ ᠦᠷᠭᠦᠯᠵᠢᠯᠡᠭᠰᠡᠨ ᠮᠡᠳᠡᠭᠡ ᠵᠠᠩᠭᠢ ᠶᠢᠨ ᠵᠠᠮ ᠢ ᠨᠡᠪᠲᠡᠷᠡᠭᠦᠯᠵᠦ᠂ ᠨᠠᠮ ᠪᠠ ᠵᠠᠰᠠᠭ ᠤᠨ ᠣᠷᠳᠣᠨ ᠤ ᠲᠠᠭᠤᠨ ᠢ ᠴᠠᠭ ᠲᠤᠬᠠᠶ ᠳᠤᠨᠢ ᠬᠤᠲᠠ ᠪᠠᠯᠭᠠᠰᠤ ᠬᠥᠳᠡᠭᠡ ᠲᠣᠰᠬᠤᠨ ᠤ ᠥᠨᠴᠥᠭ ᠪᠤᠯᠤᠩ ᠨᠢᠭᠡᠪᠦᠷᠢ ᠳᠤ ᠳᠠᠮᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠶᠤᠨ ᠤ ᠪᠠ ᠰᠣᠶᠣᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠬᠤ ᠬᠡᠷᠡᠭᠲᠡᠶ᠃      ᠣᠳᠣᠬᠠᠨ ᠳᠤ᠂ ᠰᠢᠩ ᠾᠧ ᠰᠢᠶᠠᠨ ᠤ ᠷᠠᠳᠢᠣ ᠲᠧᠯᠸᠢᠰ ᠤᠨ ᠰᠦᠯᠵᠢᠶ᠎ᠡ ᠪᠦᠬᠦ ᠰᠢᠶᠠᠨ ᠤ 9 ᠰᠢᠶᠠᠩ ᠪᠠᠯᠭᠠᠰᠤ᠂ 161 ᠵᠠᠰᠠᠭ ᠵᠠ ᠬᠢᠷᠭᠠᠨ ᠤ ᠲᠣᠰᠬᠤᠨ ᠢ ᠬᠠᠮᠤᠷᠴᠤ᠂ ᠬᠡᠷᠡᠭᠯᠡᠭᠴᠢᠳ ᠲᠤ ᠰᠢᠭᠤᠳ ᠨᠡᠪᠲᠡᠷᠡᠭᠦᠯᠬᠦ᠂ ᠴᠠᠭ ᠦᠶ᠎ᠡ ᠪᠠᠷ ᠡᠷᠭᠢᠵᠦ ᠦᠵᠡᠬᠦ᠂ ᠣᠯᠠᠨ ᠨᠡᠶᠢᠲᠡ ᠶᠢᠨ ᠰᠣᠶᠣᠯ ᠤᠨ ᠲᠠᠪᠴᠠᠩ ᠵᠡᠷᠭᠡ ᠤᠶᠢᠯᠡᠴᠢᠯᠡᠭᠡ ᠬᠠᠩᠭᠠᠵᠠᠢ ᠃ ᠪᠠᠰᠠ ᠸᠢᠳᠢᠣ᠋ ᠪᠠᠷ ᠶᠠᠷᠢᠯᠴᠠᠬᠤ᠂ ᠸᠢᠳᠢᠣ᠋ ᠬᠤᠷᠠᠯ ᠤᠨ ᠴᠢᠳᠠᠮᠵᠢ ᠶᠢ ᠠᠰᠢᠭᠯᠠ ᠠᠯᠤᠰ ᠡᠵᠡᠮᠰᠢᠯᠲᠦ ᠬᠤᠷᠠᠯ ᠬᠢᠵᠤ ᠪᠣᠯᠤᠨ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠡᠷᠭᠡ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠡ ᠵᠠᠩᠭᠢᠵᠢᠯᠲᠠ ᠶᠢ ᠠᠬᠢᠭᠤᠯᠵᠤ᠂ ᠬᠡᠷᠡᠭᠯᠡᠭᠴᠢᠳ ᠪᠠᠰᠠ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠰᠢᠩ ᠾᠧ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠠᠷᠠᠳ ᠣᠯᠠᠨ ᠤ ᠠᠮᠢᠳᠤᠷᠠᠯ ᠵᠡᠷᠭᠡ ᠡᠯ᠎ᠡ ᠲᠠᠯ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠵᠤ ᠪᠣᠯᠤᠨ᠎ᠠ᠃ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠪᠠ᠃                                                                           ᠣᠷᠴᠢᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3