12 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠠᠩ ᠳ᠋ᠠ ᠸᠧᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠢᠨ ᠲᠠᠯᠠᠪᠠᠶ ᠶᠢᠨ | ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠡᠯ᠎ᠡ ᠭᠤᠤᠯᠳᠠᠯᠭ᠎ᠠ ᠲᠠᠢ ᠲᠠᠯᠠᠪᠤᠷ ᠭᠠᠵᠠᠷ᠂ | ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮ ᠤᠨ ᠠᠭᠤᠰᠬᠢᠨ | ᠦᠷᠪᠢᠰᠦᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠡᠪᠦᠯ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠦᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃ ᠡᠭᠦᠨ ᠤ ᠬᠠᠮᠲᠤ ᠪᠣᠳᠠᠲᠠᠶ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠧᠩ ᠶᠦᠨ | ᠱᠤᠸᠠᠢ ᠵᠢᠴᠢ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠲᠤᠬᠠᠢ ᠶᠢᠨ ᠲᠠᠯᠠᠪᠠᠢ ᠶᠢᠨ ᠠᠯᠪᠠᠨ ᠠᠵᠢᠯ ᠤᠨ ᠬᠤᠷᠠᠯ ᠳᠡᠭᠡᠷ᠎ᠡ᠂ ᠴᠠᠩ ᠳ᠋ᠠ ᠸᠧᠢ ᠤᠷᠢᠳ ᠬᠤᠵᠢᠳ | ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠲᠤᠰᠠᠭᠠᠷᠯᠠᠬᠤ ᠪᠠᠭᠤᠳᠠᠯ᠂ ᠬᠤᠯᠠ ᠵᠠᠮ ᠤᠨ ᠮᠠᠰᠢᠨ ᠲᠡᠷᠭᠡᠨ ᠤ | ᠦᠷᠳᠡᠭᠡ᠂ ᠡᠮ ᠤᠨ ᠳᠡᠯᠭᠡᠭᠦᠷ᠂ ᠬᠡᠳᠦ ᠳᠡᠯᠭᠡᠭᠦᠷ᠂ ᠬᠠᠯᠠᠭᠤᠷᠠᠬᠤ ᠡᠭᠦᠳᠡᠨ ᠡᠮᠨᠡᠯᠭᠡ᠂ ᠪᠡᠯᠡᠳᠬᠡᠯ ᠲᠤᠰᠠᠭᠠᠷᠯᠠᠭᠰᠠᠨ | ᠡᠮᠨᠡᠯᠭᠡ ᠶᠢᠨ ᠬᠤᠷᠢᠶ᠎ᠠ᠂ ᠬᠡᠦᠬᠡᠳ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ | ᠱᠠᠯᠠᠪᠳᠠᠭᠤᠯᠤᠨ ᠪᠠᠶᠢᠴᠠᠭᠠᠪᠠ᠃ | ᠰᠢᠩ ᠯᠦᠩ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠴᠠᠩ ᠳ᠋ᠠ ᠸᠧᠶ ᠵᠠᠬ᠎ᠠ ᠳᠡᠯᠭᠡᠭᠦᠷ ᠤᠨ | ᠣᠷᠣᠵᠤ ᠭᠠᠷᠬᠤ ᠭᠠᠵᠠᠷ ᠤᠨ ᠪᠡᠶ᠎ᠡ ᠶᠢᠨ ᠳᠤᠯᠠᠭᠠᠨ ᠢ ᠬᠡᠮᠵᠢᠬᠦ ᠴᠢᠭ ᠤᠨ ᠪᠠᠶᠢᠷᠢᠯᠠᠭᠤᠯᠤᠯᠲᠠ ᠶᠢᠨ ᠪᠠᠶᠢᠳᠠᠯ ᠢ | ᠪᠠᠶᠢᠴᠠᠭᠠᠨ ᠦᠵᠡᠵᠦ᠂ ᠬᠦᠢᠲᠡᠨ ᠬᠡᠯᠬᠢᠶ᠎ᠡ ᠬᠤᠳᠠᠯᠳᠤᠭ᠎ᠠ ᠪᠣᠯᠤᠨ ᠬᠡᠲᠦ ᠳᠡᠯᠭᠡᠭᠦᠷ ᠲᠤ ᠴᠠᠩ ᠳ᠋ᠠ ᠸᠧᠶ ᠬᠦᠢᠲᠡᠨ | ᠬᠡᠯᠬᠢᠶᠡᠲᠦ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠪᠦᠲᠦᠭᠡᠭᠳᠡᠬᠦᠨ᠂ ᠳᠠᠯᠠᠢ ᠶᠢᠨ ᠭᠠᠷᠤᠯᠲᠠ ᠶᠢ | ᠰᠢᠪᠠᠳᠠᠨ ᠪᠠᠶᠢᠴᠠᠭᠠᠵᠤ᠂ ᠪᠠᠰᠠ ᠬᠤᠳᠠᠯᠳᠤᠭᠠᠨ ᠤ ᠡᠷᠦᠬᠡ ᠶᠢᠨ ᠢᠳᠡᠭᠡᠨ ᠤ ᠢᠷᠡᠯᠲᠡ ᠪᠠ ᠬᠤᠳᠠᠯᠳᠤᠨ ᠠᠪᠬᠤ | ᠠᠷᠭ᠎ᠠ ᠵᠠᠮ ᠢ ᠨᠠᠷᠢᠨ ᠯᠠᠪᠯᠡᠨ ᠠᠰᠠᠭᠤᠵᠤ᠂ ᠢᠳᠡᠭᠡᠨ ᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ | ᠪᠠᠶᠢᠳᠠᠯ ᠢ ᠨᠠᠷᠢᠨ ᠣᠶᠢᠯᠠᠭᠠᠵᠤ᠂ ᠬᠤᠳᠠᠯᠳᠤ ᠭᠠᠴᠢᠨ ᠡᠷᠦᠬᠡ ᠶᠢᠨ ᠪᠠᠷᠠᠭ᠎ᠠ ᠣᠷᠣᠭᠤᠯᠤᠭᠰᠠᠨ ᠤ ᠭᠡᠷᠡᠴᠢ ᠪᠠᠷᠢᠮᠲᠠ | ᠠᠪᠤᠭᠰᠠᠨ ᠪᠠᠶᠢᠳᠠᠯ ᠵᠢᠴᠢ ᠬᠥᠮᠥᠷᠭᠡ ᠳᠤ ᠣᠷᠣᠭᠤᠯᠤᠭᠰᠠᠨ ᠪᠠᠶᠢᠳᠠᠯ ᠢ ᠪᠠᠶᠢᠴᠠᠭᠠᠨ᠎ᠠ᠃ ᠢᠳᠡᠭᠡᠨ ᠤ ᠬᠦᠢᠲᠡᠨ | ᠬᠥᠮᠥᠷᠭᠡ ᠶᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠬᠢᠨᠠᠮᠠᠭᠠᠶ | ᠪᠠᠶᠢᠴᠠᠭᠠᠨ ᠦᠵᠡᠬᠦ ᠬᠡᠷᠡᠭᠲᠡᠶ᠃ | ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠨᠡᠷ᠎ᠡ ᠲᠤ ᠬᠤᠳᠠᠯᠳᠤᠭᠠᠨ ᠤ ᠶᠠᠪᠤᠳᠠᠯ ᠤᠨ ᠪᠠᠭᠤᠳᠠᠯ ᠳᠤ᠂ | ᠴᠠᠩ ᠳ᠋ᠠ ᠸᠧᠶ ᠵᠣᠴᠢᠳ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠲᠤᠰᠠᠭᠠᠷᠯᠠᠭᠰᠠᠨ | ᠬᠥᠮᠦᠰ ᠤᠨ ᠮᠡᠳᠡᠭᠡ ᠵᠠᠩᠭᠢ ᠶᠢᠨ ᠳᠠᠩᠰᠠᠯᠠᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ᠠᠵᠢᠯᠲᠠᠳ ᠲᠤ | ᠭᠠᠳᠠᠨ᠎ᠠ ᠠᠴᠠ ᠢᠷᠡᠭᠰᠡᠨ ᠬᠥᠮᠦᠰ ᠤᠨ ᠮᠡᠳᠡᠭᠡ ᠵᠠᠩᠭᠢ ᠶᠢᠨ ᠳᠠᠩᠰᠠᠯᠠᠯᠲᠠ ᠪᠠ ᠪᠡᠶ᠎ᠡ ᠶᠢᠨ ᠳᠤᠯᠠᠭᠠᠨ ᠢ ᠰᠢᠯᠭᠠᠨ | ᠪᠠᠶᠢᠴᠠᠭᠠᠬᠤ ᠠᠵᠢᠯ ᠢ ᠴᠢᠩᠭ᠎ᠠ ᠬᠢᠬᠦ ᠬᠡᠷᠡᠭᠲᠡᠶ ᠭᠡᠵᠦ ᠵᠠᠬᠢᠪᠠ᠃ ᠬᠠᠮᠢᠶ᠎ᠠ ᠪᠦᠬᠦᠢ ᠡᠬᠡ ᠳᠠᠩᠰᠠ ᠶᠢᠨ ᠲᠡᠮᠳᠡᠭᠯᠡᠯ ᠢ | ᠰᠠᠶᠢᠲᠤᠷ ᠬᠢᠵᠦ᠂ ᠴᠠᠭ ᠢᠮᠠᠭᠲᠠ ᠮᠥᠷᠳᠡᠨ᠂ ᠴᠠᠭ ᠢᠮᠠᠭᠲᠠ ᠡᠵᠡᠮᠰᠢᠬᠦ ᠬᠡᠷᠡᠭᠲᠡᠶ᠃ | ᠠᠯᠤᠰ ᠤᠨ ᠮᠠᠰᠢᠨ ᠲᠡᠷᠭᠡᠨ ᠥᠷᠲᠡᠭᠡᠨ ᠳᠤ ᠴᠠᠩ ᠳ᠋ᠠ ᠸᠧᠶ ᠬᠤᠯᠠ ᠵᠠᠮ ᠤᠨ ᠮᠠᠰᠢᠨ ᠲᠡᠷᠭᠡᠨ | ᠥᠷᠲᠡᠭᠡ ᠶᠢᠨ ᠪᠢᠯᠧᠲ ᠬᠤᠳᠠᠯᠳᠤᠬᠤ ᠲᠢᠩᠬᠢᠮ᠂ ᠣᠷᠣᠵᠤ ᠭᠠᠷᠬᠤ ᠥᠷᠲᠡᠭᠡᠨ ᠤ ᠠᠮᠤᠷ ᠲᠦᠪᠰᠢᠨ ᠤ | ᠪᠠᠶᠢᠴᠠᠭᠠᠯᠲᠠ ᠶᠢᠨ ᠡᠭᠦᠳᠡ᠂ ᠠᠶᠠᠨᠴᠢᠳ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠠᠵᠢᠯ ᠤᠨ ᠪᠠᠶᠢᠷᠢ | ᠵᠡᠷᠭᠡ ᠭᠠᠵᠠᠷ ᠤᠨ ᠠᠵᠢᠯ ᠤᠨ ᠪᠠᠶᠢᠷᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠵᠤ ᠪᠠᠶᠢᠭ᠎ᠠ ᠪᠠᠶᠢᠳᠠᠯ ᠢ ᠪᠠᠶᠢᠴᠠᠭᠠᠨ | ᠦᠵᠡᠵᠦ᠂ ᠠᠵᠢᠯᠲᠠᠳ ᠢ ᠠᠶᠠᠨᠴᠢᠳ ᠤᠨ ᠲᠡᠭᠡᠭᠡᠪᠦᠷᠢ ᠶᠢᠨ ᠭᠠᠵᠠᠷ ᠲᠠᠯᠠᠪᠤᠷ᠂ ᠲᠡᠭᠡᠭᠡᠪᠦᠷᠢ ᠶᠢᠨ ᠠᠶᠠᠨᠴᠢᠳ ᠤᠨ | ᠲᠡᠷᠭᠡ ᠶᠢ ᠠᠷᠢᠭᠤᠳᠬᠠᠬᠤ᠂ ᠰᠠᠯᠬᠢ ᠨᠡᠪᠲᠡᠷᠡᠬᠦ ᠵᠢᠴᠢ ᠠᠶᠠᠨᠴᠢᠳ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ | ᠵᠡᠷᠭᠡ ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠤᠨ ᠡᠬᠢ ᠰᠤᠷᠪᠤᠯᠵᠢ ᠶᠢᠨ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠠᠶᠠᠨᠴᠢᠳ ᠵᠢᠴᠢ ᠠᠵᠢᠯᠲᠠᠨ ᠤ ᠥᠪᠡᠷ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ | ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ | ᠰᠢᠶᠠᠨ ᠤ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠪᠠ ᠨᠠᠶᠢᠳᠠᠨ ᠲᠡᠵᠢᠭᠡᠯᠭᠡᠬᠦ ᠲᠥᠪ᠂ ᠪᠣᠣ | ᠷᠧᠨ ᠳᠠᠩ ᠡᠮ ᠤᠨ ᠳᠡᠯᠭᠡᠭᠦᠷ ᠵᠡᠷᠭᠡ ᠭᠠᠵᠠᠷ ᠲᠤ᠂ ᠴᠠᠩ ᠳ᠋ᠠ ᠸᠧᠶ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ | ᠡᠭᠦᠳᠡᠨ ᠡᠮᠨᠡᠯᠭᠡ᠂ ᠲᠣᠭᠠᠴᠠᠭ᠎ᠠ ᠬᠢᠬᠦ ᠲᠤᠷᠰᠢᠯᠲᠠ ᠶᠢᠨ ᠲᠠᠰᠤᠭ᠂ ᠪᠡᠯᠡᠳᠬᠡᠯ ᠡᠮᠨᠡᠯᠭᠡ ᠶᠢᠨ ᠲᠠᠯᠠᠪᠤᠷ ᠭᠠᠵᠠᠷ᠂ | ᠡᠪᠡᠳᠴᠢᠲᠡᠨ ᠤ ᠬᠠᠯᠠᠭᠤᠷᠠᠯ ᠢ ᠪᠠᠭᠤᠷᠠᠭᠤᠯᠬᠤ ᠡᠮ ᠬᠤᠳᠠᠯᠳᠤᠨ ᠠᠪᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ | ᠰᠢᠪᠠᠳᠠᠨ ᠪᠠᠶᠢᠴᠠᠭᠠᠪᠠ᠃ ᠡᠮᠨᠡᠯᠭᠡ ᠶᠢᠨ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠠᠶᠢᠲᠤᠷ ᠠᠳᠬᠤᠬᠤ ᠬᠡᠷᠡᠭᠲᠡᠶ ᠭᠡᠵᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ | ᠲᠠᠰᠤᠷᠠᠯᠲᠠ ᠤᠢᠭᠡᠢ ᠪᠠᠬᠢᠵᠢᠭᠦᠯᠦᠨ᠎ᠡ᠃ | ᠥᠨᠢ ᠤᠳᠠᠭᠠᠨ ᠬᠡᠤᠬᠡᠳ ᠤᠨ ᠴᠡᠴᠡᠷᠯᠢᠭ ᠲᠤ ᠴᠠᠩ ᠳ᠋ᠠ ᠸᠧᠶ ᠪᠠᠰᠠ ᠰᠤᠷᠭᠠᠭᠤᠯᠢ ᠶᠢᠨ ᠳᠤᠯᠠᠭᠠᠨ ᠢ | ᠬᠡᠮᠵᠢᠬᠦ᠂ ᠰᠤᠷᠤᠭᠴᠢᠳᠨ ᠤᠨ ᠮᠡᠳᠡᠭᠡ ᠵᠠᠩᠭᠢ ᠶᠢ ᠳᠠᠩᠰᠠᠯᠠᠬᠤ᠂ ᠠᠷᠢᠭᠤᠳᠬᠠᠬᠤ ᠳ᠋ᠧᠩ ᠤᠨ ᠡᠯ᠎ᠡ ᠵᠤᠶᠢᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ | ᠃ | | ᠰᠤᠷᠪᠤᠯᠵᠢᠯᠠᠭᠴᠢ ᠄ ᠵᠤᠤ ᠫᠧᠩ ᠹᠸᠢ | ᠢᠷᠡᠯᠲᠡ ᠄ ᠠᠮᠢᠵᠢᠷᠠᠯ ᠤᠨ ᠬᠦᠴᠦᠨ ᠤ ᠬᠥᠭᠡᠷᠦᠯᠲᠡ | ᠣᠷᠴᠢᠭᠤᠯᠤᠭᠴᠢ ᠄ ᠨᠠᠷᠠᠰᠤ |