ᠴᠠᠩ ᠳ᠋ᠠ ᠸᠧᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠢᠨ ᠲᠠᠯᠠᠪᠠᠢ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/14
     12 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠢᠨ ᠲᠠᠯᠠᠪᠠᠶ ᠶᠢᠨ ᠠᠯᠪᠠᠨ ᠬᠤᠷᠠᠯ ᠢ ᠡᠷᠬᠢᠯᠡᠨ  ᠬᠤᠷᠠᠯᠳᠤᠭᠤᠯᠵᠤ᠂ ᠮᠠᠨ ᠤ ᠰᠢᠶᠠᠨ ᠤ ᠡᠯ᠎ᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠡᠪᠦᠯ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠦᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃ ᠡᠭᠦᠨ ᠤ ᠬᠠᠮᠲᠤ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠧᠩ ᠶᠦᠨ ᠱᠤᠸᠠᠢ ᠵᠢᠴᠢ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠲᠤᠬᠠᠢ ᠶᠢᠨ ᠲᠠᠯᠠᠪᠠᠢ ᠶᠢᠨ ᠠᠯᠪᠠᠨ ᠠᠵᠢᠯ ᠤᠨ ᠬᠤᠷᠠᠯ ᠳᠡᠭᠡᠷ᠎ᠡ᠂ ᠴᠠᠩ ᠳ᠋ᠠ ᠸᠧᠢ ᠤᠷᠢᠳ ᠬᠤᠵᠢᠳ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠲᠤᠰᠠᠭᠠᠷᠯᠠᠬᠤ ᠪᠠᠭᠤᠳᠠᠯ᠂ ᠬᠤᠯᠠ ᠵᠠᠮ ᠤᠨ ᠮᠠᠰᠢᠨ ᠲᠡᠷᠭᠡᠨ ᠤ ᠦᠷᠳᠡᠭᠡ᠂ ᠡᠮ ᠤᠨ ᠳᠡᠯᠭᠡᠭᠦᠷ᠂ ᠬᠡᠳᠦ ᠳᠡᠯᠭᠡᠭᠦᠷ᠂ ᠬᠠᠯᠠᠭᠤᠷᠠᠬᠤ ᠡᠭᠦᠳᠡᠨ ᠡᠮᠨᠡᠯᠭᠡ᠂ ᠪᠡᠯᠡᠳᠬᠡᠯ ᠲᠤᠰᠠᠭᠠᠷᠯᠠᠭᠰᠠᠨ ᠡᠮᠨᠡᠯᠭᠡ ᠶᠢᠨ ᠬᠤᠷᠢᠶ᠎ᠠ᠂ ᠬᠡᠦᠬᠡᠳ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ ᠱᠠᠯᠠᠪᠳᠠᠭᠤᠯᠤᠨ ᠪᠠᠶᠢᠴᠠᠭᠠᠪᠠ᠃      ᠰᠢᠩ ᠯᠦᠩ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠴᠠᠩ ᠳ᠋ᠠ ᠸᠧᠶ ᠵᠠᠬ᠎ᠠ ᠳᠡᠯᠭᠡᠭᠦᠷ ᠤᠨ ᠣᠷᠣᠵᠤ ᠭᠠᠷᠬᠤ ᠭᠠᠵᠠᠷ ᠤᠨ ᠪᠡᠶ᠎ᠡ ᠶᠢᠨ ᠳᠤᠯᠠᠭᠠᠨ ᠢ ᠬᠡᠮᠵᠢᠬᠦ‍ ᠴᠢᠭ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠦᠢᠲᠡᠨ ᠬᠡᠯᠬᠢᠶ᠎ᠡ ᠬᠤᠳᠠᠯᠳᠤᠭ᠎ᠠ ᠪᠣᠯᠤᠨ ᠬᠡᠲᠦ ᠳᠡᠯᠭᠡᠭᠦᠷ ᠲᠤ ᠴᠠᠩ ᠳ᠋ᠠ ᠸᠧᠶ ᠬᠦᠢᠲᠡᠨ ᠬᠡᠯᠬᠢᠶᠡᠲᠦ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠪᠦᠲᠦᠭᠡᠭᠳᠡᠬᠦᠨ᠂ ᠳᠠᠯᠠᠢ ᠶᠢᠨ ᠭᠠᠷᠤᠯᠲᠠ ᠶᠢ ᠰᠢᠪᠠᠳᠠᠨ ᠪᠠᠶᠢᠴᠠᠭᠠᠵᠤ᠂ ᠪᠠᠰᠠ ᠬᠤᠳᠠᠯᠳᠤᠭᠠᠨ ᠤ ᠡᠷᠦᠬᠡ ᠶᠢᠨ ᠢᠳᠡᠭᠡᠨ ᠤ ᠢᠷᠡᠯᠲᠡ ᠪᠠ ᠬᠤᠳᠠᠯᠳᠤᠨ ᠠᠪᠬᠤ ᠠᠷᠭ᠎ᠠ ᠵᠠᠮ ᠢ ᠨᠠᠷᠢᠨ ᠯᠠᠪᠯᠡᠨ ᠠᠰᠠᠭᠤᠵᠤ᠂ ᠢᠳᠡᠭᠡᠨ ᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠤᠳᠠᠯᠳᠤ ᠭᠠᠴᠢᠨ ᠡᠷᠦᠬᠡ ᠶᠢᠨ ᠪᠠᠷᠠᠭ᠎ᠠ ᠣᠷᠣᠭᠤᠯᠤᠭᠰᠠᠨ ᠤ ᠭᠡᠷᠡᠴᠢ ᠪᠠᠷᠢᠮᠲᠠ ᠠᠪᠤᠭᠰᠠᠨ ᠪᠠᠶᠢᠳᠠᠯ ᠵᠢᠴᠢ ᠬᠥᠮᠥᠷᠭᠡ ᠳᠤ ᠣᠷᠣᠭᠤᠯᠤᠭᠰᠠᠨ ᠪᠠᠶᠢᠳᠠᠯ ᠢ ᠪᠠᠶᠢᠴᠠᠭᠠᠨ᠎ᠠ᠃ ᠢᠳᠡᠭᠡᠨ ᠤ ᠬᠦᠢᠲᠡᠨ ᠬᠥᠮᠥᠷᠭᠡ ᠶᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠬᠢᠨᠠᠮᠠᠭᠠᠶ ᠪᠠᠶᠢᠴᠠᠭᠠᠨ ᠦᠵᠡᠬᠦ ᠬᠡᠷᠡᠭᠲᠡᠶ᠃      ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠨᠡᠷ᠎ᠡ ᠲᠤ ᠬᠤᠳᠠᠯᠳᠤᠭᠠᠨ ᠤ ᠶᠠᠪᠤᠳᠠᠯ ᠤᠨ ᠪᠠᠭᠤᠳᠠᠯ ᠳᠤ᠂ ᠴᠠᠩ ᠳ᠋ᠠ ᠸᠧᠶ ᠵᠣᠴᠢᠳ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠲᠤᠰᠠᠭᠠᠷᠯᠠᠭᠰᠠᠨ ᠬᠥᠮᠦᠰ ᠤᠨ ᠮᠡᠳᠡᠭᠡ ᠵᠠᠩᠭᠢ ᠶᠢᠨ ᠳᠠᠩᠰᠠᠯᠠᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ᠠᠵᠢᠯᠲᠠᠳ ᠲᠤ ᠭᠠᠳᠠᠨ᠎ᠠ ᠠᠴᠠ ᠢᠷᠡᠭᠰᠡᠨ ᠬᠥᠮᠦᠰ ᠤᠨ ᠮᠡᠳᠡᠭᠡ ᠵᠠᠩᠭᠢ ᠶᠢᠨ ᠳᠠᠩᠰᠠᠯᠠᠯᠲᠠ ᠪᠠ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠠᠵᠢᠯ ᠢ ᠴᠢᠩᠭ᠎ᠠ ᠬᠢᠬᠦ ᠬᠡᠷᠡᠭᠲᠡᠶ ᠭᠡᠵᠦ ᠵᠠᠬᠢᠪᠠ᠃ ᠬᠠᠮᠢᠶ᠎ᠠ ᠪᠦᠬᠦᠢ ᠡᠬᠡ ᠳᠠᠩᠰᠠ ᠶᠢᠨ ᠲᠡᠮᠳᠡᠭᠯᠡᠯ ᠢ ᠰᠠᠶᠢᠲᠤᠷ ᠬᠢᠵᠦ᠂ ᠴᠠᠭ ᠢᠮᠠᠭᠲᠠ ᠮᠥᠷᠳᠡᠨ᠂ ᠴᠠᠭ ᠢᠮᠠᠭᠲᠠ ᠡᠵᠡᠮᠰᠢᠬᠦ ᠬᠡᠷᠡᠭᠲᠡᠶ᠃      ᠠᠯᠤᠰ ᠤᠨ ᠮᠠᠰᠢᠨ ᠲᠡᠷᠭᠡᠨ ᠥᠷᠲᠡᠭᠡᠨ ᠳᠤ ᠴᠠᠩ ᠳ᠋ᠠ ᠸᠧᠶ ᠬᠤᠯᠠ ᠵᠠᠮ ᠤᠨ ᠮᠠᠰᠢᠨ ᠲᠡᠷᠭᠡᠨ ᠥᠷᠲᠡᠭᠡ ᠶᠢᠨ ᠪᠢᠯᠧᠲ ᠬᠤᠳᠠᠯᠳᠤᠬᠤ ᠲᠢᠩᠬᠢᠮ᠂ ᠣᠷᠣᠵᠤ ᠭᠠᠷᠬᠤ ᠥᠷᠲᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ᠂ ᠠᠶᠠᠨᠴᠢᠳ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠠᠵᠢᠯ ᠤᠨ ᠪᠠᠶᠢᠷᠢ ᠵᠡᠷᠭᠡ ᠭᠠᠵᠠᠷ ᠤᠨ ᠠᠵᠢᠯ ᠤᠨ ᠪᠠᠶᠢᠷᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠠᠵᠢᠯᠲᠠᠳ ᠢ ᠠᠶᠠᠨᠴᠢᠳ ᠤᠨ ᠲᠡᠭᠡᠭᠡᠪᠦᠷᠢ ᠶᠢᠨ ᠭᠠᠵᠠᠷ ᠲᠠᠯᠠᠪᠤᠷ᠂ ᠲᠡᠭᠡᠭᠡᠪᠦᠷᠢ ᠶᠢᠨ ᠠᠶᠠᠨᠴᠢᠳ ᠤᠨ ᠲᠡᠷᠭᠡ ᠶᠢ ᠠᠷᠢᠭᠤᠳᠬᠠᠬᠤ᠂ ᠰᠠᠯᠬᠢ ᠨᠡᠪᠲᠡᠷᠡᠬᠦ ᠵᠢᠴᠢ ᠠᠶᠠᠨᠴᠢᠳ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠬᠢ ᠰᠤᠷᠪᠤᠯᠵᠢ ᠶᠢᠨ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠶᠠᠨᠴᠢᠳ ᠵᠢᠴᠢ ᠠᠵᠢᠯᠲᠠᠨ ᠤ ᠥᠪᠡᠷ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃      ᠰᠢᠶᠠᠨ ᠤ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠪᠠ ᠨᠠᠶᠢᠳᠠᠨ ᠲᠡᠵᠢᠭᠡᠯᠭᠡᠬᠦ ᠲᠥᠪ᠂ ᠪᠣᠣ ᠷᠧᠨ ᠳᠠᠩ ᠡᠮ ᠤᠨ ᠳᠡᠯᠭᠡᠭᠦᠷ ᠵᠡᠷᠭᠡ ᠭᠠᠵᠠᠷ ᠲᠤ᠂ ᠴᠠᠩ ᠳ᠋ᠠ ᠸᠧᠶ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ᠂ ᠲᠣᠭᠠᠴᠠᠭ᠎ᠠ ᠬᠢᠬᠦ ᠲᠤᠷᠰᠢᠯᠲᠠ ᠶᠢᠨ ᠲᠠᠰᠤᠭ᠂ ᠪᠡᠯᠡᠳᠬᠡᠯ ᠡᠮᠨᠡᠯᠭᠡ ᠶᠢᠨ ᠲᠠᠯᠠᠪᠤᠷ ᠭᠠᠵᠠᠷ᠂ ᠡᠪᠡᠳᠴᠢᠲᠡᠨ ᠤ ᠬᠠᠯᠠᠭᠤᠷᠠᠯ ᠢ ᠪᠠᠭᠤᠷᠠᠭᠤᠯᠬᠤ ᠡᠮ ᠬᠤᠳᠠᠯᠳᠤᠨ ᠠᠪᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠪᠠ᠃ ᠡᠮᠨᠡᠯᠭᠡ ᠶᠢᠨ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ ᠭᠡᠵᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠲᠠᠰᠤᠷᠠᠯᠲᠠ ᠤᠢᠭᠡᠢ ᠪᠠᠬᠢᠵᠢᠭᠦᠯᠦᠨ᠎ᠡ᠃      ᠥᠨᠢ ᠤᠳᠠᠭᠠᠨ ᠬᠡᠤᠬᠡᠳ ᠤᠨ ᠴᠡᠴᠡᠷᠯᠢᠭ ᠲᠤ ᠴᠠᠩ ᠳ᠋ᠠ ᠸᠧᠶ ᠪᠠᠰᠠ ᠰᠤᠷᠭᠠᠭᠤᠯᠢ ᠶᠢᠨ ᠳᠤᠯᠠᠭᠠᠨ ᠢ ᠬᠡᠮᠵᠢᠬᠦ᠂ ᠰᠤᠷᠤᠭᠴᠢᠳᠨ ᠤᠨ ᠮᠡᠳᠡᠭᠡ ᠵᠠᠩᠭᠢ ᠶᠢ ᠳᠠᠩᠰᠠᠯᠠᠬᠤ᠂ ᠠᠷᠢᠭᠤᠳᠬᠠᠬᠤ ᠳ᠋ᠧᠩ ᠤᠨ ᠡᠯ᠎ᠡ ᠵᠤᠶᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ                                ᠰᠤᠷᠪᠤᠯᠵᠢᠯᠠᠭᠴᠢ  ᠄ ᠵᠤᠤ ᠫᠧᠩ ᠹᠸᠢ                              ᠢᠷᠡᠯᠲᠡ        ᠄ ᠠᠮᠢᠵᠢᠷᠠᠯ ᠤᠨ ᠬᠦᠴᠦᠨ ᠤ ᠬᠥᠭᠡᠷᠦᠯᠲᠡ                              ᠣᠷᠴᠢᠭᠤᠯᠤᠭᠴᠢ  ᠄  ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3