ᠮᠠᠨ ᠤ ᠰᠢᠶᠠᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠭᠤᠷᠪᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/15
     12 ᠰᠠᠷ᠎ᠠ ᠶᠢᠨ 14᠎ ᠤ ᠡᠳᠦᠷ᠂ ᠰᠢᠩ ᠾᠧ ᠰᠢᠶᠠᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢᠶᠠᠨ ᠵᠠᠰᠠᠬᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠂ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢᠶᠠᠨ ᠵᠠᠰᠠᠬᠤ ᠬᠤᠷᠢᠶᠠᠨ ᠤ ᠡᠷᠬᠢᠯᠡᠭᠴᠢ ᠹᠦ᠋ ᠬᠠᠶ ᠴᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠱᠦᠵᠢ ᠯᠢ ᠰᠢᠶᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠶ ᠵᠢᠶᠦ᠋ᠨ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠢᠦᠶ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠦ᠋ ᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠪᠦᠦ ᠴᠧᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠨ ᠬᠠᠢ ᠵᠢᠶᠦ᠋ᠨ᠂ ᠰᠢᠶᠠᠨ ᠤ ᠨᠣᠶᠠᠨᠲᠠᠨ ᠳᠡᠳ᠋ ᠡᠷᠬᠢᠯᠡᠭᠴᠢ ᠴᠢᠶᠣᠤ ᠷᠦᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠦ᠋ᠨ ᠫᠢᠩ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠶᠠᠷ᠂ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᡁᠢ ᠮᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ᠂ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠨ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠨᠠᠩ ᠰᠠᠶᠢᠨ ᠪᠠᠲᠤᠯᠠᠬᠤ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2020 — 2025᠎ ᠤᠨ︶︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ︵2015 ᡺ 2020︶᠎ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠢᠴᠢ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠡᠯ᠎ᠡ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠣᠨ︶︾᠎ ᠶᠢᠨ ᠲᠡᠭᠦᠰᠬᠦ ᠵᠢᠯ ᠪᠣᠯᠤᠨ᠎ᠠ᠂ ᠪᠦᠬᠦ ᠰᠢᠶᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠶ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠳᠥᠷᠪᠡᠨ ᠤᠬᠠᠮᠰᠠᠷ︾᠎ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠦᠨᠡᠨᠬᠦ ᠴᠢᠩᠭᠠᠷᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢᠶᠠᠨ ᠵᠠᠰᠠᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠠᠶ᠃ ᠬᠠᠤᠯᠢᠵᠢᠯ ᠤᠨ ᠤᠬᠠᠭᠤᠯᠭ᠎ᠠ ᠶᠢ ᠬᠦᠴᠦᠯᠡᠨ ᠴᠢᠩᠭᠠᠳᠬᠠᠵᠤ᠂ ᠵᠢᠯ ᠤᠨ ᠡᠬᠢᠨ ᠤ ᠠᠵᠢᠯ ᠤᠨ ᠭᠤᠣᠯᠳᠠᠯᠭ᠎ᠠ ᠶᠢᠨ ᠲᠤᠭᠤᠷᠢᠨ ᠳᠤ ᠪᠣᠳᠠᠲᠠᠢ ᠠᠳᠬᠤᠵᠤ ᠭᠦᠨᠵᠡᠭᠡᠢ ᠠᠳᠬᠤᠵᠤ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ︔ ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠬᠦ ᠶᠢᠨ ᠳᠠᠭᠠᠤ ᠦᠭᠡᠷᠡᠴᠢᠯᠡᠬᠦ ᠰᠡᠳᠬᠢᠮᠵᠢ ᠶᠣᠰᠣᠭᠠᠷ᠂ ᠠᠵᠢᠯ ᠤᠨ ᠳᠤᠮᠳᠠᠬᠢ ᠠᠰᠠᠭᠤᠳᠠᠯ ᠢ ᠡᠷᠢᠵᠦ᠂ ᠰᠠᠶᠢᠨᠲᠠᠶ ᠲᠠᠯ᠎ᠠ ᠪᠠᠨ ᠪᠠᠳᠠᠷᠠᠭᠤᠯᠤᠨ ᠳᠤᠲᠠᠭᠤᠳᠠᠯ ᠢᠶᠠᠨ ᠨᠦᠬᠦᠵᠦ᠂ ᠠᠵᠢᠯ ᠢᠶᠠᠨ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ ᠰᠢᠶᠠᠨ ᠤ ᠨᠠᠮ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠠᠯᠪᠠᠨ ᠭᠡᠷ ᠨᠢ ᠵᠥᠪᠯᠡᠭᠴᠢ ᠲᠤᠰᠠᠯᠠᠭᠴᠢ᠂ ᠶᠡᠷᠦᠩᠬᠡᠶᠢᠯᠡᠨ ᠵᠣᠬᠢᠴᠠᠭᠤᠯᠬᠤ᠂ ᠠᠵᠢᠯᠯᠠᠭᠠᠨ ᠢ ᠪᠠᠲᠤᠯᠠᠬᠤ ᠪᠠ ᠱᠠᠯᠠᠪᠳᠠᠭᠤᠯᠤᠨ ᠪᠠᠶᠢᠴᠠᠭᠠᠬᠤ ᠵᠡᠷᠭᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ︔ ᠳᠥᠷᠪᠡ ᠳᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠨᠡᠩ ᠪᠠᠲᠤ ᠴᠢᠩᠭ᠎ᠠ ᠬᠦᠴᠦᠲᠡᠶ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃                                    ᠣᠷᠴᠢᠭᠤᠯᠤᠭᠴᠢ᠄  ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3