ᠹᠸᠢ ᠳ᠋ᠦᠩ ᠪᠢᠨ ᠰᠢᠩ ᠾᠧ ᠰᠢᠶᠠᠨ ᠳᠤ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠵᠠᠬᠢᠳᠠᠯ ᠰᠤᠷᠪᠦᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠰᠢᠪᠠᠳᠠᠨ ᠰᠢᠢᠳᠪᠦᠷᠢᠯᠡᠬᠦ ᠳᠡᠭᠡᠨ ᠴᠢᠬᠤᠯᠠᠴᠢᠯᠠᠭᠰᠠᠨ ᠨᠢ ᠲᠤᠰᠢᠶᠠᠨ‌‍ᠰᠢᠢᠳᠪᠤᠷᠢᠯᠡᠭᠦᠯᠬᠦ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ ᠨᠠᠮ ᠪᠠ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ
ᠨᠡᠶᠢᠲᠡᠯᠡᠭᠰᠡᠨ ᠴᠠᠭ᠄
2020/12/16
       12 ᠰᠠᠷ᠎ᠠ ᠶᠢᠨ 10᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠰᠢᠩ ᠾᠧ ᠰᠢᠶᠠᠨ ᠳᠤ ᠭᠦᠨᠵᠡᠭᠡᠶᠢᠷᠡᠨ ᠲᠥᠪ ᠤᠨ ᠨᠠᠶ᠋ᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠵᠠᠬᠢᠳᠠᠯ ᠰᠤᠷᠪᠤᠯᠵᠢᠯᠠᠯ ᠤᠨ ᠵᠤᠶᠢᠯᠡᠰ ᠢ ᠰᠢᠢᠳᠪᠦᠷᠢᠯᠡᠬᠦ ᠠᠵᠢᠯ ᠢ ᠬᠢᠨᠠᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠪᠠ ᠬᠠᠶᠢᠷ᠎ᠠ ᠰᠡᠳᠭᠢᠯ ᠢᠶᠠᠷ ᠵᠠᠬᠢᠳᠠᠯ ᠰᠤᠷᠪᠤᠯᠵᠢᠯᠠᠯ ᠤᠨ ᠵᠤᠶᠢᠯᠡᠰ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠣᠯᠠᠨ ᠲᠦᠮᠡᠨ ᠤ ᠬᠦᠴᠢᠷ ᠵᠣᠪᠠᠭᠤᠷᠢ ᠶᠢ ᠬᠦᠴᠦᠯᠡᠨ ᠰᠢᠢᠳᠪᠤᠷᠢᠯᠡᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠨᠠᠮ ᠪᠠ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃        ᠬᠢᠨᠠᠨ ᠵᠢᠯᠣᠭᠤᠳᠬᠤ ᠳᠤᠮᠳᠠ᠂ ᠹᠸᠢ ᠳ᠋ᠦᠩ ᠪᠢᠨ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠠᠬᠢᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠬᠦᠰᠡᠯ ᠱᠠᠭᠠᠷᠳᠠᠯᠭ᠎ᠠ ᠶᠢ ᠰᠤᠨᠤᠰᠴᠤ᠂ ᠬᠡᠷᠡᠭ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠠᠷᠢᠯᠭᠠᠬᠤ ᠠᠵᠢᠯ ᠢ ᠰᠢᠪᠠᠳᠠᠨ ᠵᠢᠯᠣᠭᠤᠳᠴᠤ ᠠᠬᠢᠭᠤᠯᠪᠠ         ᠹᠧᠶ ᠳ᠋ᠦᠩ ᠪᠢᠨ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠲᠠᠢ ᠬᠤᠯᠪᠣᠭᠳᠠᠵᠤ᠂ ᠡᠯ᠎ᠡ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠴᠢᠷ ᠶᠠᠪᠤᠳᠠᠯ ᠢ ᠰᠢᠢᠳᠪᠦᠷᠢᠯᠡᠬᠦ ᠵᠠᠷᠴᠢᠮ ᠢᠶᠠᠷ ᠨᠡᠮᠡᠭᠳᠡᠯ ᠬᠡᠮᠵᠢᠶ᠎ᠡ ᠶᠢ ᠬᠢᠵᠠᠭᠠᠷᠯᠠᠵᠤ᠂ ᠬᠠᠳᠠᠭᠠᠯᠠᠭᠳᠠᠴᠠ ᠶᠢ ᠪᠠᠭᠠᠰᠬᠠᠵᠤ᠂ ᠵᠣᠷᠢᠭ ᠰᠢᠭᠤᠳᠴᠤ᠂ ᠪᠤᠷᠤᠩᠬ ᠢᠷᠠᠬᠤ ᠡᠪᠡᠳᠴᠢᠨ ᠢ ᠠᠷᠢᠯᠭᠠᠵᠤ᠂ ᠬᠡᠷᠡᠭ ᠢ ᠰᠢᠢᠳᠪᠤᠷᠢᠯᠡᠵᠤ ᠰᠢᠢᠳᠪᠦᠷᠢᠯᠡᠬᠦ ᠳᠤᠮᠳᠠᠬᠢ ᠬᠦᠴᠢᠷ ᠠᠰᠠᠭᠤᠳᠠᠯ ᠤᠨ ᠲᠦᠭᠵᠢᠷᠡᠯ ᠴᠡᠭ ᠢ ᠣᠨᠢᠯᠠᠵᠤ᠂ ᠰᠢᠢᠳᠪᠦᠷᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠷᠢᠯᠭᠠᠬᠤ ᠠᠬᠢᠴᠠ ᠶᠢ ᠲᠦᠷᠭᠡᠳᠬᠡᠵᠦ᠂ ᠮᠠᠨ ᠤ ᠬᠤᠲᠠ ᠳᠤ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠤᠭᠤᠴᠠᠭ᠎ᠠ ᠶᠤᠰᠤᠭᠠᠷ ᠴᠢᠨᠠᠷ ᠢ ᠪᠠᠲᠤᠯᠠᠨ ᠪᠡᠶᠡᠯᠡᠭᠦᠯᠵᠦ ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ᠂ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃        ᠹᠸᠢ ᠳ᠋ᠦᠩ ᠪᠢᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠷᠠᠳ ᠤᠨ ᠰᠡᠳᠬᠢᠯ ᠢ ᠬᠠᠮᠤᠭ ᠤᠨ ᠶᠡᠭᠡ ᠤᠯᠤᠰ ᠲᠥᠷᠥ ᠪᠣᠯᠭᠠᠨ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠵᠠᠬᠢᠳᠠᠯ ᠰᠤ‌‍ᠷᠪᠤᠯᠵᠢᠯᠠᠭ᠎ᠠ ᠶᠢᠨ ᠠᠵᠢᠯ ᠳᠤ ᠢᠮᠠᠭᠲᠠ ᠲᠤᠤᠱᠯᠠᠭᠤᠯᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠠᠴᠠ ᠵᠥᠪ ᠢ ᠡᠷᠢᠬᠦ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠪᠦᠬᠦ ᠬᠦᠴᠦᠨ ᠢᠶᠠᠷ ᠬᠠᠮᠠᠭᠠᠯᠠᠨ᠎ᠠ᠃ ᠱᠠᠲᠤ ᠳᠠᠷᠠᠭᠠᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠴᠠᠯᠳᠤᠨ ᠬᠠᠮᠲᠤᠷᠠᠨ ᠬᠥᠳᠡᠯᠦᠯᠴᠡᠭᠰᠡᠨ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠲᠤᠳᠤᠷᠬᠠᠢ ᠠᠵᠢᠯ ᠤᠨ ᠰᠢᠰᠲ᠋ᠧᠮ ᠢ ᠪᠠᠶᠢᠭᠤᠯᠵᠤ᠂ ᠬᠠᠷᠢᠭᠤᠴᠠᠯᠭ᠎ᠠ ᠶᠢᠨ ᠳᠠᠷᠤᠯᠲᠠ ᠶᠢ ᠮᠡᠳᠡᠷᠡᠯ ᠤᠨ ᠦᠵᠦᠭᠦᠷ ᠲᠤ ᠳᠠᠮᠵᠢᠭᠤᠯᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠰᠢᠪᠠᠳᠠᠨ ᠰᠢᠢᠳᠪᠤᠷᠢᠯᠡᠭᠦᠯᠬᠦ ᠮᠥᠷᠳᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠦᠨᠡᠨ ᠪᠣᠳᠠᠲᠠᠶ ᠪᠠᠶᠢᠴᠠᠭᠠᠬᠤ ᠬᠦᠴᠦᠷᠬᠡᠭ ᠶᠡᠭᠡ ᠰᠦᠷᠳᠡᠭᠦᠯᠦᠯ ᠪᠣᠯᠵᠤ᠂ ᠬᠠᠷᠢᠭᠤᠴᠠᠯᠭ᠎ᠠ ᠨᠡᠬᠡᠮᠵᠢᠯᠡᠬᠦ ᠪᠠᠷ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠨ᠎ᠠ᠃                                                                                       ᠣᠷᠴᠢᠭᠤᠯᠤᠭᠴᠢ᠄ ᠨᠠᠷᠠᠰᠤ    
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3