ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠷᠠᠭᠠᠬᠢ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠤᠭᠤᠶᠢᠯᠠᠩ ᠰᠢᠩ ᠾᠧ ᠰᠢᠶᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠤᠭᠤᠴᠢᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2020/12/16
     12 ᠰᠠᠷ᠎ᠠ ᠶᠢᠨ 14᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭ ᠤᠨ ᠳᠠᠷᠠᠭᠠᠬᠢ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠤᠭᠤᠶᠢᠯᠠᠩ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠬᠥᠮᠦᠨ ᠠᠮᠠ ᠶᠢᠨ ᠵᠤᠷᠭᠠᠨ ᠤ ᠳᠡᠳ᠋ ᠳᠠᠷᠤᠭ᠎ᠠ ᠮᠤᠩ ᠼᠠᠨ ᠸᠤᠨ ᠨᠠᠷ ᠰᠢᠩ ᠾᠧ ᠰᠢᠶᠠᠨ ᠳᠤ ᠭᠦᠨᠵᠡᠭᠡᠶᠢᠷᠡᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠤᠭᠤᠴᠢᠨ ᠪᠠᠶᠢᠴᠠᠭᠠᠵᠤ ᠵᠣᠯᠭᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠬᠥᠮᠦᠨ ᠠᠮᠠ ᠶᠢᠨ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠵᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ ᠪᠠᠷᠢᠮᠲᠠ ᠶᠢᠨ ᠲᠥᠪ ᠤᠨ ᠳᠡᠳ᠋ ᠡᠷᠬᠢᠯᠡᠭᠴᠢ ᠸᠠᠩ ᠯᠢ᠂ ᠤᠯᠠᠭᠠᠨᠴᠠᠪ ᠬᠤᠲᠠ ᠶᠢᠨ ᠬᠥᠮᠦᠨ ᠤ ᠨᠡᠶᠢᠳᠡᠮ ᠬᠡᠷᠡᠭᠵᠢᠭᠦᠯᠬᠦ ᠠᠯᠪᠠᠨ ᠭᠡᠷ ᠤᠨ ᠡᠷᠬᠢᠯᠡᠭᠴᠢ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠯᠠᠨ ᠮᠢᠩ᠂ ᠤᠯᠠᠭᠠᠨᠴᠠᠪ ᠬᠤᠲᠠ ᠶᠢᠨ ᠬᠥᠮᠦᠨ ᠤ ᠨᠡᠶᠢᠳᠡᠮ ᠬᠡᠷᠡᠭᠵᠢᠭᠦᠯᠬᠦ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠭᠤᠤ ᠶᠤᠸᠠᠨ ᠵᠢᠶᠦ᠋ᠨ᠂ ᠤᠯᠠᠭᠠᠨᠴᠠᠪ ᠬᠤᠲᠠ ᠶᠢᠨ ᠬᠥᠮᠦᠨ ᠤ ᠨᠡᠶᠢᠳᠡᠮ ᠬᠡᠷᠡᠭᠵᠢᠭᠦᠯᠬᠦ ᠠᠯᠪᠠᠨ ᠭᠡᠷ ᠤᠨ ᠳᠡᠳ᠋ ᠡᠷᠬᠢᠯᠡᠭᠴᠢ᠂ ᠬᠥᠮᠦᠨ ᠲᠣᠬᠢᠷᠠᠭᠤᠯᠬᠤ ᠠᠩᠭᠢ ᠶᠢᠨ ᠳᠠᠷᠤᠭ᠎ᠠ ᠹᠠᠨ ᠸᠤᠨ ᠵᠢᠦᠸᠠᠨ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠮᠤᠩ ᠼᠠᠨ ᠸᠤᠨ ᠵᠢᠭᠠᠵᠤ ᠭᠠᠷᠭᠠᠭᠰᠠᠨ ᠨᠢ᠂ ᠤᠳᠠᠭ᠎ᠠ ᠪᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠴᠢᠩᠭ᠎ᠠ ᠠᠳᠬᠤᠵᠤ᠂ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃      ᠵᠠᠩ ᠵᠢᠶᠠᠨ ᠬᠤᠸᠠ ᠬᠤᠷᠠᠯ ᠳᠡᠭᠡᠷ᠎ᠡ ᠨᠡᠶᠢᠳᠡᠮ ᠪᠠᠶᠢᠴᠠᠭᠠᠯᠲᠠ ᠶᠢᠨ ᠲᠡᠮᠳᠡᠭᠯᠡᠯ ᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ ᠳᠣᠲᠣᠨᠣ ᠪᠠᠷ ᠲᠣᠬᠤᠨᠢᠭᠤᠯᠵᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠪᠣᠯᠤᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠠᠩᠭᠢᠯᠠᠭ᠎ᠠ ᠶᠢᠨ ᠠᠵᠢᠯ ᠤᠨ ᠡᠭᠦᠷᠭᠡ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠶ   ᠪᠡᠶᠡᠯᠡᠭᠦᠯᠦᠨ᠎ᠡ      ᠬᠤᠷᠠᠯ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭ᠎ᠠ ᠶᠢᠨ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠷᠠᠭᠠᠬᠢ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠠᠶ ᠳᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠪᠡ᠃      ᠴᠠᠩ ᠳ᠋ᠠ ᠸᠧᠶ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠡᠷᠡᠰ ᠰᠢᠭᠤᠷᠬᠠᠶ ᠪᠠᠷ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠵᠣᠬᠢᠴᠠᠭᠤᠯᠤᠨ ᠬᠠᠷᠢᠯᠴᠠᠬᠤ᠂ ᠮᠠᠲ᠋ᠧᠷᠢᠶᠠᠯ ᠬᠠᠩᠭᠠᠬᠤ᠂ ᠠᠷᠤ ᠲᠠᠯ᠎ᠠ ᠶᠢᠨ ᠤᠶᠢᠯᠡᠴᠢᠯᠡᠭᠡᠨ ᠤ ᠤᠶᠢᠯᠡᠴᠢᠯᠡᠭᠡ ᠪᠠ ᠡᠷᠦᠬᠡ ᠳᠤ ᠬᠦᠷᠴᠦ ᠪᠠᠶᠢᠴᠠᠭᠠᠯᠲᠠ ᠬᠢᠵᠦ ᠬᠠᠮᠵᠢᠯᠴᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠰᠤᠭᠤᠴᠢᠨ ᠪᠠᠶᠢᠴᠠᠭᠠᠬᠤ ᠠᠵᠢᠯ ᠤᠨ ᠤᠷᠤᠭᠰᠢᠲᠠᠶ ᠥᠷᠨᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ︔ ᠰᠠᠬᠢᠯᠭ᠎ᠠ ᠪᠠᠲᠤ ᠶᠢ ᠰᠠᠬᠢᠬᠤ ᠳᠡᠭᠡᠰᠦ ᠬᠡᠮᠵᠢᠶᠡᠨ ᠠᠴᠠ ᠰᠣᠩᠭᠤᠨ ᠪᠠᠶᠢᠴᠠᠭᠠᠬᠤ ᠳᠡᠰ ᠳᠠᠷᠠᠭᠠᠯᠠᠯ ᠪᠠ ᠠᠵᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠦᠨᠡᠨ ᠠᠴᠠ ᠵᠥᠪ ᠢ ᠡᠷᠢᠵᠦ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠵᠤ᠂ ᠰᠤᠭᠤᠴᠢᠨ ᠪᠠᠶᠢᠴᠠᠭᠠᠬᠤ ᠳᠤᠭᠤᠶᠢᠯᠠᠩ ᠤᠨ ᠦᠨᠡᠨ ᠪᠣᠳᠠᠲᠠᠶ ᠪᠠᠶᠢᠳᠠᠯ ᠢ ᠪᠤᠰᠤᠳᠴᠢ ᠪᠠᠷ᠂ ᠪᠥᠬᠦ ᠲᠠᠯ᠎ᠠ ᠪᠠᠷ᠂ ᠭᠦᠨᠵᠡᠭᠡᠶ ᠣᠶᠢᠯᠠᠭᠠᠬᠤ ᠳᠤ ᠪᠥᠬᠦ ᠬᠦᠴᠦᠨ ᠤ ᠳᠡᠮᠵᠢᠯᠭᠡ ᠬᠠᠩᠭᠠᠨ᠎ᠠ︔ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠦᠨᠳᠦᠷᠴᠡ ᠠᠴᠠ ᠡᠷᠡᠰ ᠰᠢᠭᠤᠷᠬᠠᠶ ᠪᠠᠷ ᠰᠣᠩᠭᠤᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠪᠣᠯᠤᠨ ᠪᠠᠶᠢᠭᠤᠯᠤᠯᠲᠠ ᠶᠢ ᠬᠢᠨᠠᠮᠠᠭᠠᠶ ᠬᠦᠯᠢᠶᠡᠨ ᠠᠪᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠠᠶ ᠃ ᠰᠤᠭᠤᠴᠢᠨ ᠪᠠᠶᠢᠴᠠᠭᠠᠯᠲᠠ ᠶᠢ ᠬᠦᠯᠢᠶᠡᠬᠦ ᠶᠠᠪᠤᠴᠠ ᠶᠢ ᠦᠨᠡᠨᠬᠦ ᠬᠦᠷᠦᠯᠴᠡᠬᠦ ᠦᠭᠡᠶ ᠶᠢ ᠪᠠᠶᠢᠴᠠᠭᠠᠨ ᠦᠵᠡᠬᠦ᠂ ᠣᠷᠬᠢᠭᠳᠠᠯ ᠢ ᠪᠠᠶᠢᠴᠠᠭᠠᠨ ᠨᠥᠬᠦᠪᠥᠷᠢᠯᠡᠬᠦ᠂ ᠬᠠᠯᠠᠨ ᠰᠠᠶᠢᠵᠢᠷᠠᠭᠤᠯᠬᠤ ᠶᠠᠪᠤᠴᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠬᠥᠮᠦᠨ ᠠᠮᠠ ᠶᠢᠨ ᠬᠢᠷᠢ ᠲᠡᠩᠴᠡᠭᠰᠡᠨ ᠨᠠᠶᠢᠳᠡᠮ ᠪᠠᠶᠢᠴᠠᠭᠠᠯᠲᠠ ᠶᠢᠨ ᠠᠮᠵᠢᠯᠲᠠ ᠪᠠ ᠬᠠᠷᠢᠭᠤᠯᠲᠠ ᠶᠢᠨ ᠬᠠᠭᠤᠳᠠᠰᠤ ᠶᠢ ᠡᠷᠡᠰ ᠲᠤᠰᠢᠶᠠᠬᠤ ᠬᠡᠷᠡᠭᠲᠡᠶ᠃                             ᠢᠷᠡᠯᠲᠡ  ᠄ ᠠᠮᠢᠵᠢᠷᠠᠯ ᠤᠨ ᠬᠦᠴᠦᠨ ᠤ ᠬᠥᠭᠡᠷᠦᠯᠲᠡ                             ᠣᠷᠴᠢᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3