ᠰᠢᠩ ᠾᠧ ᠰᠢᠶᠠᠨ ᠤ 3000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠤᠶᠢᠯᠡᠳᠪᠤᠷᠢ ᠶᠢᠨ  ᠭᠤᠤᠯᠳᠠᠯᠭ᠎ᠠ ᠲᠠᠢ ᠦᠷᠬᠦᠯᠡᠵᠢᠯᠡᠨ ᠪᠠᠶᠢᠭᠤᠯᠬᠤ ᠲᠥᠷᠥᠯ ᠵᠤᠶᠢᠯ ᠨᠡᠶᠢᠲᠡ 7.39 ᠳ᠋ᠦᠩᠰᠢᠭᠤᠷ  ᠲᠥᠭᠦᠷᠢᠭ ᠤᠨ ᠪᠠᠯᠠ ᠣᠷᠣᠭᠤᠯᠤᠯᠲᠠ ᠶᠢ  ᠪᠡᠶᠡᠯᠡᠭᠦᠯᠪᠡ
ᠨᠡᠶᠢᠲᠡᠯᠡᠭᠰᠡᠨ ᠴᠠᠭ᠄
2020/12/3
     2020 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠰᠢᠩ ᠾᠧ ᠰᠢᠶᠠᠨ ᠤ 3000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠭᠤᠤᠯᠳᠠᠯᠭ᠎ᠠ ᠲᠠᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ 6 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠶᠢ 14.41 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠦ ᠪᠠᠶᠢᠨ᠎ᠠ᠃ ᠨᠡᠶᠢᠲᠡ 7.39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 51.3% ᠪᠠᠷ ᠪᠡᠶᠡᠯᠡᠭᠦᠯᠪᠡ᠃ 2020 ᠣᠨ ᠤ 1 — 11 ᠰᠠᠷ᠎ᠠ ᠳᠤ 4.09 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃    1. ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠶᠡᠷᠦᠩᠬᠡᠶ ᠪᠡᠯᠡ ᠣᠷᠣᠭᠤᠯᠤᠯᠲᠠ ᠨᠢ 6.6 ᠳ᠋ᠦᠩᠰᠢᠭᠤᠷ ᠲᠥᠭᠦᠷᠢᠭ ᠤᠨ ᠰᠢᠩ ᠾᠧ ᠰᠢᠶᠠᠨ ᠤ ᠰᠢᠨ ᠱᠧᠩ ᠰᠢᠨ᠎ᠡ ᠮᠠᠲ᠋ᠧᠷᠢᠶᠠᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ 35 ᠲᠦᠮᠡᠨ ᠲᠣᠨ ᠣᠷᠭᠠᠨᠢᠭ ᠪᠤᠰᠤ ᠰᠢᠷᠬᠡᠭ ᠵᠢᠴᠢ ᠪᠦᠲᠦᠭᠡᠭᠳᠡᠬᠦᠨ ᠤᠶᠢᠯᠡᠳᠪᠤᠷᠢᠯᠡᠬᠦ ᠱᠤᠭᠤᠮ ᠤᠨ ᠪᠠᠷᠢᠯᠭ᠎ᠠ ᠶᠢᠨ ᠲᠥᠷᠥᠯ ᠵᠦᠢᠯ ᠢ ᠤᠶᠢᠯᠡᠳᠪᠤᠷᠢᠯᠡᠨ᠎ᠡ᠃ ᠨᠡᠶᠢᠲᠡ 2.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃    2 . ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠶᠡᠷᠦᠩᠬᠡᠶ ᠪᠠᠯᠠ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠥᠪᠥᠷ ᠮᠣᠩᠭᠤᠯ ᠤᠨ ᠶᠢᠩ ᠰᠢᠶᠠᠩ ᠨᠡᠭᠦᠷᠡᠰᠦᠳᠦᠷᠦᠭᠴᠢ ᠡᠳ᠋ ᠤᠨ ᠬᠢᠵᠠᠭᠠᠷᠲᠤ ᠺᠣᠮᠫᠠᠨᠢ ᠶᠢᠨ ᠵᠢᠯ ᠳᠤ 2 ᠲᠦᠮᠡᠨ ᠲᠣᠨ 600 ᠲᠦᠮᠡᠨ ᠲᠣᠨ ᠬᠡᠲᠦ ᠥᠨᠳᠥᠷ ᠴᠢᠳᠠᠯᠲᠤ ᠪᠠᠯ ᠴᠢᠯᠠᠭᠤᠨ ᠴᠠᠬᠢᠯᠭᠠᠨ ᠲᠦᠢᠯ ᠵᠢᠴᠢ 1 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ᠂ ᠨᠡᠶᠢᠲᠡ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃    3 . ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠶᠡᠷᠦᠩᠬᠡᠶ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠥᠪᠥᠷ ᠮᠣᠩᠭᠤᠯ ᠤᠨ ᠴᠤᠸᠠᠨ ᠱᠦᠨ ᠲᠠᠷᠢᠶᠠᠯᠠᠩ ᠤᠨ ᠭᠦᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠦᠷᠭᠡᠨ ᠬᠥᠯᠳᠡᠭᠡᠭᠰᠡᠨ ᠡᠷᠳᠡᠨᠢ ᠰᠢᠰᠢ᠂ ᠲᠥᠮᠥᠰᠥ᠂ ᠵᠢᠮᠢᠰ ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠶ᠋ᠯ᠂ ᠨᠡᠶᠢᠲᠡ 0.82 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃     4 . ᠶᠡᠷᠦᠩᠬᠡᠶ ᠪᠡᠯᠡ ᠣᠷᠣᠭᠤᠯᠤᠯᠲᠠ ᠨᠢ 0.6 ᠳ᠋ᠦᠩᠰᠢᠭᠤᠷ ᠲᠥᠭᠦᠷᠢᠭ ᠥᠪᠥᠷ ᠮᠣᠩᠭᠤᠯ ᠤᠨ ᠱᠦᠨ ᠵᠠᠭᠤᠨ ᠵᠢᠯ ᠤᠨ ᠭᠡᠷ ᠤᠨ ᠡᠳ᠋ᠯᠡᠯ ᠬᠡᠷᠡᠭᠰᠡᠯ ᠤᠨ ᠬᠢᠵᠠᠭᠠᠷᠲᠤ ᠺᠣᠮᠫᠠᠨᠢ ᠵᠢᠯ ᠳᠤ 1300 ᠢᠵᠢ ᠮᠣᠳᠣᠨ ᠡᠳ᠋ᠯᠡᠯ ᠦᠢᠯᠡᠳᠪᠦᠷᠢᠯᠡᠬᠦ ᠲᠥᠷᠥᠯ ᠵᠦᠢᠯ᠂ ᠨᠡᠶᠢᠲᠡ 0.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃     5 . ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠶᠡᠷᠦᠩᠬᠡᠶ ᠪᠡᠯᠡ ᠣᠷᠣᠭᠤᠯᠤᠯᠲᠠ ᠨᠢ 0.4 ᠳ᠋ᠦᠩᠰᠢᠭᠤᠷ ᠲᠥᠭᠦᠷᠢᠭ ᠥᠪᠥᠷ ᠮᠣᠩᠭᠤᠯ ᠤᠨ ᠯᠠᠩ ᠽᠤ᠋ ᠭᠡᠷ ᠤᠨ ᠬᠡᠷᠡᠭᠰᠡᠯ ᠦᠢᠯᠡᠳᠬᠦ ᠬᠢᠵᠠᠭᠠᠷᠲᠤ ᠺᠣᠮᠫᠠᠨᠢ ᠶᠢᠨ ᠵᠢᠯ ᠳᠤ 6000 ᠲᠣᠨ ᠡᠭᠡᠷᠡᠭᠦᠯ ᠦᠭᠡᠢ ᠪᠥᠰ ᠵᠢᠴᠢ ᠭᠡᠷ ᠤᠨ ᠬᠡᠷᠡᠭᠰᠡᠯ ᠦᠢᠯᠡᠳᠪᠦᠷᠢᠯᠡᠬᠦ ᠲᠥᠷᠥᠯ ᠵᠦᠢᠯ᠂ ᠨᠡᠶᠢᠲᠡ 0.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃    6 . ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠶᠡᠷᠦᠩᠬᠡᠶ ᠪᠡᠯᠡ ᠣᠷᠣᠭᠤᠯᠤᠯᠲᠠ ᠨᠢ 0.47 ᠳ᠋ᠦᠩᠰᠢᠭᠤᠷ ᠲᠥᠭᠦᠷᠢᠭ ᠰᠢᠩ ᠾᠧ ᠰᠢᠶᠠᠨ ᠤ ᠲᠢᠶᠠᠨ ᠮᠠ ᠭᠡᠷ ᠤᠨ ᠡᠳ᠋ᠯᠡᠯ ᠤᠨ ᠬᠢᠵᠠᠭᠠᠷᠲᠤ ᠺᠣᠮᠫᠠᠨᠢ ᠶᠢᠨ ᠭᠡᠷ ᠤᠨ ᠬᠡᠷᠡᠭᠰᠡᠯ ᠦᠢᠯᠡᠳᠪᠦᠷᠢᠯᠡᠬᠦ ᠲᠥᠷᠥᠯ ᠵᠦᠢᠯ᠂ ᠨᠡᠶᠢᠲᠡ 0.47 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃                                             ᠣᠷᠴᠢᠭᠤᠯᠤᠭᠴᠢ᠄  ᠨᠠᠷᠠᠰᠤ  ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3