︽ᠰᠢᠩ ᠾᠧ ᠰᠢᠶᠠᠨ ᠤ ᠱᠠᠩ ᠤᠨ ᠴᠠᠭᠠᠰᠤ᠂ ᠱᠠᠩ ᠤᠨ ᠵᠣᠭᠤᠰ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠵᠢᠭᠦᠯᠬᠦ ᠲᠥᠰᠦᠯ︾
ᠨᠡᠶᠢᠲᠡᠯᠡᠭᠰᠡᠨ ᠴᠠᠭ᠄
2020/12/4
     2020 ᠣᠨ ᠤ 4 ᠰᠠᠷ᠎ᠠ ᠶᠢᠨ 2᠎ ᠤᠨ ᠡᠳᠦᠷ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠰᠢᠩ ᠾᠧ ᠰᠢᠶᠠᠨ ᠤ ᠭᠦᠨ ᠴᠠᠭᠠᠰᠤ᠂ ᠭᠦᠨ ᠵᠣᠭᠤᠰ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠵᠡᠷᠭᠡ ᠬᠡᠷᠡᠭᠵᠢᠭᠦᠯᠬᠦ ᠲᠥᠰᠦᠯ︾ ︵ᠰᠢᠩ ᠵᠧᠩ ᠠᠯᠪᠠᠨ ᠲᠠᠷᠬᠠᠭᠠᠭᠰᠠᠨ ︹ 202019 ︺ 13 ᠳ᠋ᠤᠭᠠᠷ ᠲᠣᠭᠠᠲᠤ︶᠎ ᠠᠴᠠ ᠳᠣᠷᠣᠭᠰᠢ ︽ᠲᠥᠰᠦᠯ︾ ᠭᠡᠵᠦ ᠲᠤᠴᠢᠯᠠᠨ᠎ᠠ᠃ ᠰᠢᠶᠠᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ︽ᠲᠥᠰᠦᠯ︾᠎ ᠤᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃      ᠨᠢᠭᠡ᠂ ︽ᠲᠥᠰᠦᠯ︾᠎ ᠢ ᠨᠡᠶᠢᠲᠡᠯᠡᠭᠰᠡᠨ ᠠᠴᠢ ᠬᠤᠯᠪᠣᠭᠳᠠᠯ ᠪᠠ ᠦᠨᠳᠦᠰᠦᠯᠡᠯ      ᠪᠣᠯᠪᠠᠰᠤᠨ ᠲᠠᠬᠢᠯᠭ᠎ᠠ ᠶᠢ ᠢᠳᠡᠪᠬᠢᠲᠡᠢ ᠰᠠᠨᠠᠭᠠᠴᠢᠯᠠᠨ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠣᠷᠣᠰᠢᠭᠤᠯᠭ᠎ᠠ ᠪᠠ ᠳᠠᠬᠢᠯᠭ᠎ᠠ ᠶᠢᠨ ᠪᠦᠳᠦᠭᠦᠯᠢᠭ ᠵᠠᠩ ᠳᠠᠳᠬᠠᠯ ᠢ ᠲᠠᠶᠠᠭᠳᠠᠵᠤ᠂ ᠬᠤᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠣᠶ ᠰᠢᠭᠤᠶ ᠨᠤᠲᠤᠭ ᠪᠡᠯᠴᠢᠭᠡᠷ ᠵᠡᠷᠭᠡ ᠭᠠᠯ ᠤᠨ ᠠᠶᠤᠯ ᠤᠨ ᠳᠠᠯᠳᠠ ᠭᠡᠮ ᠢ ᠪᠠᠭᠠᠰᠬᠠᠬᠤ ᠶᠢᠨ ᠬᠠᠮᠲᠤ ᠪᠤᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠵᠡᠶ᠃ ︽ᠬᠤᠩᠭᠤᠷ ᠴᠠᠭᠠᠰᠤ᠂ ᠬᠤᠩᠭᠤᠷ ᠵᠣᠭᠤᠰ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠤᠯᠠᠭᠠᠨᠴᠠᠪ ᠤᠨ ᠵᠠᠰᠠᠭ ᠤᠨ ᠣᠷᠳᠣᠨ ᠤ ᠠᠯᠪᠠᠨ ᠭᠡᠷ ᠤᠨ ᠴᠠᠬᠢᠯᠭᠠᠨ ᠳᠠᠮᠵᠢᠭᠤᠯᠭ᠎ᠠ ᠲᠠᠷᠬᠠᠭᠠᠭᠰᠠᠨ ︹ 2020 ︺ 7 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃      ᠬᠤᠶᠠᠷ᠂ ︽ᠲᠥᠰᠦᠯ︾᠎ ᠤᠨ ᠭᠤᠤᠯ ᠠᠭᠤᠯᠠᠨ᠎ᠠ      1. ᠶᠡᠬᠡᠪᠡᠷ ᠤᠬᠠᠭᠤᠯᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠵᠢᠯ ᠪᠦᠷᠢ ᠶᠢᠨ ᠬᠠᠩᠰᠢ ᠶᠢᠨ ᠡᠮᠦᠨ᠎ᠡ ᠬᠤᠶᠢᠨ᠎ᠠ᠂ ᠡᠯ᠎ᠡ ᠰᠢᠶᠠᠩ ᠪᠠᠯᠭᠠᠰᠤᠨ ᠳᠤ ᠴᠥᠮ ᠴᠠᠭᠠᠰᠤ ᠰᠢᠲᠠᠭᠠᠬᠤ ᠲᠠᠬᠢᠯᠭ᠎ᠠ ᠠᠴᠠ ᠪᠣᠯᠤᠭᠰᠠᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠳᠡᠯ ᠭᠠᠷᠴᠤ᠂ ᠠᠮᠢ ᠠᠬᠤᠢ ᠶᠢᠨ ᠲᠥᠷᠥᠯ ᠵᠤᠶᠢᠯ ᠤᠨ ᠣᠷᠣᠨ ᠤ ᠣᠢ ᠰᠢᠭᠤᠶ ᠡᠪᠡᠰᠦ ᠪᠤᠯᠤᠨ ᠠᠮᠢ ᠠᠬᠤᠢ ᠶᠢᠨ ᠣᠷᠴᠢᠨ ᠲᠣᠭᠤᠷᠢᠨ ᠬᠦᠨᠳᠦ ᠨᠣᠴᠢᠲᠠᠶ ᠡᠪᠳᠡᠭᠳᠡᠭᠰᠡᠨ ᠵᠢᠴᠢ ᠬᠦᠨᠳᠦ ᠶᠡᠭᠡ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠷᠭᠡᠨ ᠣᠯᠠᠨ ᠬᠤᠲᠠ ᠶᠢᠨ ᠠᠷᠠᠳ ᠢ ᠣᠷᠣᠰᠢᠭᠤᠯᠭ᠎ᠠ ᠶᠢᠨ ᠶᠠᠪᠤᠳᠠᠯ ᠢ ᠰᠢᠢᠳᠪᠤᠷᠢᠯᠡᠬᠦ ᠶᠢ ᠰᠠᠨᠠᠭᠠᠴᠢᠯᠠᠵᠤ᠂ ᠪᠣᠯᠪᠠᠰᠤᠨ ᠠᠷᠪᠢᠴᠢ ᠭᠠᠮᠲᠠᠶ ᠳᠦᠷᠢᠮ ᠲᠣᠭᠲᠠᠭᠠᠯ ᠢ ᠵᠢᠷᠤᠮᠯᠠᠵᠠᠶ᠃ ᠤᠯᠠᠨ ᠨᠡᠶᠢᠲᠡ ᠶᠢᠨ ᠡᠮᠬᠢ ᠵᠢᠷᠤᠮ ᠢ ᠬᠠᠷᠰᠢᠯᠠᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠪᠣᠯᠬᠤ ᠦᠭᠡᠢ᠃ ᠬᠠᠩᠰᠢ ᠶᠢᠨ ᠡᠳᠦᠷ ᠵᠡᠷᠭᠡ ᠴᠠᠭ ᠤᠯᠠᠷᠢᠯ ᠤᠨ ᠳᠠᠬᠢᠯᠭ᠎ᠠ ᠳᠤ ᠮᠣᠳᠣ ᠲᠠᠷᠢᠬᠤ᠂ ᠰᠣᠷᠭᠤᠭ ᠴᠡᠴᠡᠭ᠂ ᠲᠣᠤᠷ ᠰᠦᠯᠵᠢᠶ᠎ᠡ ᠵᠡᠷᠭᠡ ᠪᠣᠯᠪᠠᠰᠤᠨ ᠳᠣᠤᠷ᠎ᠠ ᠨᠡᠭᠦᠷᠡᠰᠦᠲᠥ᠋ᠷᠥᠭᠴᠢᠲᠦ ᠲᠠᠬᠢᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠨ᠎ᠡ᠃ ᠬᠡᠪ ᠵᠠᠩᠰᠢᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠬᠤᠩᠭᠤᠷᠴᠠᠭᠲᠤ ᠴᠠᠭᠠᠰᠤ ᠰᠢᠲᠠᠭᠠᠬᠤ᠂ ᠬᠤᠩᠭᠤᠷ ᠵᠣᠭᠤᠰ ᠰᠢᠲᠠᠭᠠᠬᠤ᠂ ᠴᠠᠭᠠᠰᠤᠨ ᠵᠣᠭᠤᠰ ᠰᠢᠲᠠᠭᠠᠬᠤ ᠵᠡᠷᠭᠡ ᠮᠠᠭᠤ ᠵᠠᠩ ᠳᠠᠳᠬᠠᠯ ᠪᠣᠯᠤᠨ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠲᠦᠢᠯᠪᠤᠷᠢᠲᠠᠶ ᠲᠠᠶᠠᠭᠳᠠᠵᠤ᠂ ᠣᠳᠣ ᠦᠶ᠎ᠡ ᠶᠢᠨ ᠣᠷᠣᠰᠢᠭᠤᠯᠭ᠎ᠠ ᠪᠣᠯᠤᠨ ᠲᠠᠬᠢᠯᠭ᠎ᠠ ᠶᠢᠨ ᠰᠢᠨ᠎ᠡ ᠣᠶᠢᠯᠠᠭᠠᠭᠳᠠᠬᠤᠨ ᠰᠢᠨ᠎ᠡ ᠬᠡᠪ ᠰᠤᠷᠲᠠᠯ ᠢ ᠲᠦᠷᠭᠡᠳᠬᠡᠨ ᠪᠤᠶᠢᠵᠢ ᠭᠤᠯᠤᠨ᠎ᠠ᠃       2. ᠨᠢᠭᠲᠠ ᠬᠠᠮᠵᠢᠯᠴᠠᠵᠤ᠂ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ       ︵ᠨᠢᠭᠡ︶  ᠤᠶᠢᠯᠡᠳᠪᠤᠷᠢᠯᠡᠵᠤ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠬᠤᠩᠭᠤᠷ ᠴᠠᠭᠠᠰᠤ᠂ ᠬᠤᠩᠭᠤᠷ ᠵᠣᠭᠤᠰ᠂ ᠴᠠᠭᠠᠰᠤᠨ ᠤ ᠣᠳᠠᠰ ᠵᠡᠷᠭᠡ ᠲᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ ᠶᠢ ᠴᠠᠭᠠᠵᠠᠯᠠᠨ᠎ᠠ᠃       ︵ᠬᠤᠶᠠᠷ︶ ᠰᠢᠲᠠᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠩᠭᠤᠨ᠂ ᠵᠠᠮ᠂ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠨᠣᠭᠤᠭᠠᠨ ᠬᠥᠷᠥᠰᠥ᠂ ᠰᠠᠭᠤᠭᠠᠯᠢ ᠠᠷᠠᠳ ᠤᠨ ᠲᠤᠭᠤᠷᠢᠭ᠂ ᠴᠡᠴᠡᠷᠯᠢᠭ ᠵᠡᠷᠭᠡ ᠶᠠᠮᠠᠷᠪᠠ ᠵᠠᠳᠠᠭᠠᠶ ᠲᠠᠯᠠᠪᠤᠷ ᠲᠤ ᠪᠠᠷᠠᠭᠠᠨ ᠤ ᠴᠠᠭᠠᠰᠤ᠂ ᠪᠠᠷᠠᠭᠠᠨ ᠤ ᠵᠤᠭᠤᠰ ᠵᠡᠷᠭᠡ ᠲᠠᠬᠢᠯᠭ᠎ᠠ ᠶᠢᠨ ᠬᠡᠷᠡᠭᠰᠡᠯ ᠰᠢᠲᠠᠭᠠᠬᠤ ᠶᠢ ᠴᠠᠭᠠᠵᠠᠯᠠᠨ᠎ᠠ᠃       ︵ᠭᠤᠷᠪᠠ︶ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠲᠡᠭᠡᠭᠡᠪᠦᠷᠢᠯᠡᠬᠦ ᠶᠢ ᠴᠠᠭᠠᠵᠠᠯᠠᠨ᠎ᠠ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤ ᠬᠤᠩᠭᠤᠷ ᠴᠠᠭᠠᠰᠤ᠂ ᠬᠤᠩᠭᠤᠷ ᠵᠣᠭᠤᠰ᠂ ᠪᠠᠲᠤ ᠪᠠᠬᠢ ᠴᠠᠭᠠᠰᠤ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠬᠦ᠂ ᠪᠣᠷᠣᠯᠠᠭᠤᠯᠬᠤ ᠳᠤ ᠲᠡᠭᠡᠭᠡᠪᠦᠷᠢ ᠶᠢᠨ ᠲᠡᠷᠭᠡ ᠬᠥᠰᠬᠡ ᠬᠠᠩᠭᠠᠬᠤ ᠶᠢ ᠴᠠᠭᠠᠵᠠᠯᠠᠨ᠎ᠠ᠃       3. ᠤᠳᠤᠷᠢᠳᠤᠯᠭ᠎ᠠ ᠪᠠᠨ ᠴᠢᠩᠭᠠᠳᠬᠠᠵᠤ᠂ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ       ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠡᠪ ᠵᠠᠩᠰᠢᠯ ᠢ ᠥᠭᠡᠷᠡᠴᠢᠯᠡᠬᠦ ᠪᠠ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤ ᠰᠠᠳᠠ ᠤᠳᠤᠷᠢᠳᠬᠤ ᠳᠤᠭᠤᠶᠢᠯᠠᠩ ᠪᠠᠶᠢᠭᠤᠯᠬᠤ ᠬᠡᠷᠡᠭᠲᠡᠶ᠃       ︵ᠬᠤᠶᠠᠷ︶ ᠲᠥᠪᠯᠡᠷᠡᠭᠦᠯᠦᠨ ᠢᠯᠭᠠᠷᠠᠭᠤᠯᠤᠨ ᠪᠠᠶᠢᠴᠠᠭᠠᠵᠤ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠵᠠᠰᠠᠭ ᠤᠨ ᠣᠷᠳᠣᠨ ᠭᠤᠣᠯᠳᠠᠭᠤ ᠤᠳᠤᠷᠢᠳᠤᠯᠭ᠎ᠠ ᠲᠦᠷᠦᠭᠦᠯᠡᠨ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠠᠷᠠᠳ ᠤᠨ ᠶᠠᠪᠤᠳᠠᠯ᠂ ᠣᠶ ᠰᠢᠭᠤᠶ ᠡᠪᠡᠰᠦ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠡᠰᠡᠭ ᠳᠤᠭᠤᠶᠢᠯᠠᠩ ᠬᠤᠪᠢᠶᠠᠵᠤ᠂ ᠬᠠᠩᠰᠢ ᠶᠢᠨ ᠡᠳᠦᠷ ᠠᠴᠠ ᠡᠮᠦᠨ᠎ᠡ ᠨᠢᠭᠡ ᠤᠳᠠᠭᠠᠨ ᠤ ᠬᠤᠩᠭᠤᠷ ᠴᠠᠭᠠᠰᠤ᠂ ᠬᠤᠩᠭᠤᠷ ᠵᠣᠭᠤᠰ᠂ ᠯᠠᠪᠳᠠᠭᠤᠨ ᠪᠠᠲᠤᠲᠠᠶ ᠴᠠᠭᠠᠰᠤ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠲᠥᠪᠯᠡᠷᠡᠭᠦᠯᠦᠨ ᠪᠠᠶᠢᠴᠠᠭᠠᠨ ᠵᠠᠰᠠᠬᠤ ᠠᠵᠢᠯᠯᠠᠭ᠎ᠠ ᠥᠷᠨᠢᠭᠦᠯᠵᠦ᠂ ᠢᠯᠡᠷᠡᠭᠦᠯᠦᠭᠰᠡᠨ ᠪᠣᠯᠪᠠᠰᠤᠨ ᠪᠤᠰᠤ ᠳᠠᠬᠢᠯᠭ᠎ᠠ ᠶᠢᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠪᠠ ᠬᠤᠷᠢᠭᠯᠠᠨ ᠵᠣᠭᠰᠣᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠨᠢ ᠪᠠᠶᠢᠴᠠᠭᠠᠨ ᠵᠠᠰᠠᠬᠤ ᠵᠣᠬᠢᠴᠠᠩᠭᠤᠶ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠰ ᠰᠢᠶᠠᠩ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠲᠥᠰᠦᠯ ᠲᠣᠭᠲᠠᠭᠠᠵᠤ᠂ ᠰᠢᠶᠠᠩ ᠪᠠᠯᠭᠠᠰᠤᠨ ᠤ ᠳᠠᠷᠤᠭ᠎ᠠ ᠲᠦᠷᠦᠭᠦᠯᠡᠨ ᠬᠢᠵᠦ᠂ ᠠᠷᠠᠳ ᠤᠨ ᠶᠠᠪᠤᠳᠠᠯ ᠤᠨ ᠭᠠᠵᠠᠷ᠂ ᠢᠳᠡᠭᠡᠨ ᠤ ᠵᠤᠶᠢᠯ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠳᠤᠲᠤᠷᠠᠬᠢ ᠢᠯᠭᠠᠷᠠᠭᠤᠯᠤᠨ ᠪᠠᠶᠢᠴᠠᠭᠠᠵᠤ ᠵᠠᠰᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠭᠤᠷᠪᠠ︶ ᠴᠣᠬᠢᠯᠲᠠ ᠥᠭᠴᠦ ᠲᠣᠷᠭᠠᠬᠤ ᠡᠷᠴᠢᠮ ᠢ ᠴᠢᠩᠭᠠᠷᠠᠭᠤᠯᠤᠨ᠎ᠠ᠃ ᠲᠣᠰ ᠮᠡᠳᠡᠭᠳᠡᠯ ᠠᠴᠠ ᠵᠥᠷᠢᠴᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ ᠭᠦᠢᠴᠠᠳᠭᠡᠬᠦ ᠶᠢ ᠬᠠᠷᠠᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠠᠮᠤᠷ ᠢ ᠬᠠᠮᠠᠭᠠᠯᠠᠬᠤ ᠬᠠᠮᠢᠶ ᠠᠷᠤᠯᠲᠠ ᠶᠢᠨ ᠰᠢᠶ᠋ᠳᠬᠡᠯ ᠤᠨ ᠬᠠᠤᠯᠢ︾᠎ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ︔ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠠᠴᠠ ︽ᠭᠠᠯ ᠰᠡᠷᠭᠡᠶᠢᠯᠡᠨ ᠤᠨᠲᠠᠷᠠᠭᠠᠬᠤ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠤᠷᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠰᠢᠯᠵᠢᠭᠦᠯᠦᠨ ᠲᠤᠰᠢᠶᠠᠵᠤ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠳᠥᠷᠪᠡᠨ︶ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠧᠯᠸᠢᠰ᠂ ᠰᠣᠨᠢᠨ᠂ ᠷᠠᠳᠢᠣ᠋ ᠨᠡᠪᠲᠡᠷᠡᠭᠦᠯᠭᠡ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠦᠯᠵᠢᠶ᠎ᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠵᠡᠷᠭᠡᠪᠡᠷ ᠤᠬᠠᠭᠤᠯᠵᠤ᠂ ᠪᠣᠯᠪᠠᠰᠤᠨ ᠪᠤᠰᠤ ᠲᠠᠬᠢᠯᠭ᠎ᠠ ᠬᠢᠬᠦ ᠶᠢ ᠴᠠᠭᠠᠵᠠᠯᠠᠬᠤ ᠮᠡᠳᠡᠭᠳᠡᠯ ᠤᠨ ᠵᠣᠷᠢᠭ ᠰᠠᠨᠠᠭ᠎ᠠ ᠶᠢ ᠬᠤᠲᠠ ᠬᠥᠳᠡᠭᠡ ᠶᠢᠨ ᠡᠷᠦᠬᠡ ᠪᠣᠯᠭᠠᠨ ᠳᠤ ᠤᠬᠠᠭᠤᠯᠪᠠ᠃ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠮᠡᠳᠡᠬᠦ .       ︵ᠲᠠᠪᠤ︶ ᠰᠢᠮᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠮᠦᠰ ᠢ ᠵᠣᠬᠢᠶᠠᠨ ᠪᠠᠶᠢᠭᠤᠯᠵᠤ᠂ ᠬᠢᠨᠠᠨ ᠵᠢᠯᠣᠭᠤᠳᠴᠤ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠰᠢᠶᠠᠨ ᠤ ᠬᠡᠪ ᠵᠠᠩᠰᠢᠯ ᠢ ᠦᠭᠦᠷᠡᠴᠢᠯᠡᠵᠦ ᠪᠣᠯᠪᠠᠰᠤᠨ ᠳᠠᠬᠢᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃                                           ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3