︽ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/4
     ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 54 ᠳ᠋ᠦᠭᠡᠷ ᠲᠣᠭᠠᠲᠤ︶ ᠪᠠ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2020 ︺ 2 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠳᠦᠷᠢᠮᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠢᠷᠢ ᠲᠦᠪᠰᠢᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2020 ᠣᠨ ᠤ 8 ᠰᠠᠷ᠎ᠠ ᠶᠢᠨ 13᠎ ᠤ ᠡᠳᠦᠷ ︽ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠡᠳᠦᠭᠡ ︽ᠲᠥᠰᠦᠯ︾᠎ ᠤᠨ ᠬᠠᠮᠢᠶ᠎ᠠ ᠪᠥᠬᠦᠶ ᠠᠭᠤᠯᠭ᠎ᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃      ᠨᠢᠭᠡ᠂ ︽ᠲᠥᠰᠦᠯ︾᠎ ᠤᠨ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ︖      ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠪᠤᠶᠤ ᠵᠠᠰᠠᠭ ᠵᠠ ᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠨᠠᠶᠢᠳᠠᠵᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ ᠠᠯᠪᠠᠨ ᠮᠡᠳᠡᠭᠡ᠂ ᠢᠯᠡ ᠪᠤᠯᠤᠩ᠂ ᠡᠯᠧᠺᠲᠷᠣᠨ ᠳᠡᠯᠭᠡᠴᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠢᠴᠢ ᠠᠯᠪᠠᠨ ᠲᠠᠯ᠎ᠠ ᠶᠢᠨ ᠪᠢᠴᠢᠯ ᠪᠦᠷᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠨᠡᠶᠢᠲᠡ ᠶᠢᠨ ᠮᠡᠳᠡᠬᠦ ᠳᠤ ᠳᠥᠭᠦᠮ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠣᠤᠷᠠᠬᠢ ᠠᠭᠤᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠢᠯᠡ ᠪᠣᠯᠭᠠᠨ᠎ᠠ᠄ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ︔ ᠪᠠᠶᠢᠭᠤᠯᠭ᠎ᠠ ᠶᠢᠨ ᠡᠭᠦᠷᠭᠡ ᠴᠢᠳᠠᠪᠤᠷᠢ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠯᠠᠬᠤ ᠬᠠᠶ᠋ᠢᠭ᠂ ᠡᠵᠢᠯᠯᠡᠬᠤ ᠴᠠᠭ᠂ ᠬᠠᠷᠢᠯᠴᠠᠬᠤ ᠠᠷᠭ᠎ᠠ ᠮᠠᠶ᠋ᠢᠭ᠂ ᠬᠠᠷᠢᠭᠤᠴᠠᠯᠭᠠᠲᠠᠨ ᠤ ᠣᠪᠣᠭ ᠨᠡᠷ᠎ᠡ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠣᠷ ᠤᠨ ᠪᠦᠰᠡ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠮᠡᠳᠡᠭᠡ ᠵᠠᠩᠭᠢ︔ ᠵᠠᠰᠠᠭ ᠵᠠᠬᠢᠷᠭᠠᠨ ᠤ ᠵᠥᠪᠰᠢᠶᠡᠷᠡᠯ ᠪᠠ ᠪᠤᠰᠤᠳ ᠭᠠᠳᠠᠭᠰᠢ ᠬᠠᠮᠢᠶᠠᠷᠬᠤ ᠤᠶᠢᠯᠡᠴᠢᠯᠡᠭᠡᠨ ᠤ ᠵᠤᠶᠢᠯᠡᠰ ᠤᠨ ᠦᠨᠳᠦᠰᠦ ᠪᠠᠷᠢᠮᠲᠠ᠂ ᠨᠥᠬᠦᠴᠡᠯ᠂ ᠵᠢᠷᠤᠮ ᠵᠢᠴᠢ ᠰᠢᠢᠳᠪᠤᠷᠢᠯᠡᠭᠰᠡᠨ ᠦᠷ᠎ᠡ ᠳ᠋ᠦᠩ︔ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠦᠨᠳᠦᠰᠦ ᠪᠠᠷᠢᠮᠲᠠ᠂ ᠨᠦᠬᠦᠴᠡᠯ᠂ ᠵᠢᠷᠤᠮ ᠵᠢᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠣᠬᠢᠬᠤ ᠨᠡᠶᠢᠭᠡᠮ ᠤᠨ ᠨᠥᠯᠥᠭᠡ ᠲᠠᠢ ᠭᠡᠵᠦ ᠦᠵᠡᠭᠰᠡᠨ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ︔ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ︔ ᠵᠠᠰᠠᠭ ᠵᠠᠬᠢᠷᠭᠠᠨ ᠠᠵᠢᠯ ᠤᠶᠢᠯᠡᠰ ᠤᠨ ᠴᠢᠨᠠᠷᠲᠠᠶ ᠰᠤᠶᠢᠳᠭᠡᠯ ᠬᠤᠷᠢᠶᠠᠬᠤ ᠵᠤᠶᠢᠯᠡᠰ ᠵᠢᠴᠢ ᠲᠡᠭᠦᠨ ᠤ ᠦᠨᠳᠦᠰᠦᠯᠡᠯ᠂ ᠪᠠᠷᠢᠮᠵᠢᠶ᠎ᠠ︔ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠤᠨ ᠭᠠᠷᠴᠠᠭ᠂ ᠪᠠᠷᠢᠮᠵᠢᠶ᠎ᠠ ᠵᠢᠴᠢ ᠬᠡᠷ ᠡᠭᠵᠢᠭᠦᠯᠦᠭᠰᠡᠨ ᠪᠠᠢᠳᠠᠯ︔ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠵᠤᠶᠢᠯᠡᠰ ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠪᠠᠶᠢᠳᠠᠯ︔ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ︔ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠠᠷᠭᠠᠴᠠᠭᠰᠠᠨ ᠪᠠᠶᠢᠳᠠᠯ︔ ᠣᠷᠴᠢᠨ ᠲᠣᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠶ ᠤᠶᠢᠯᠡᠳᠪᠤᠷᠢᠯᠡᠯ᠂ ᠢᠳᠡᠭᠡᠨ ᠤ ᠵᠤᠶᠢᠯ ᠡᠮ ᠤᠨ ᠵᠤᠶᠢᠯ  ᠂ ᠤᠶᠢᠯᠡᠳᠭᠦᠨ ᠤ ᠶᠠᠰᠤ ᠴᠢᠨᠠᠷ ᠢ ᠬᠢᠨᠠᠵᠤ ᠪᠠᠶᠢᠴᠠᠭᠠᠭᠰᠠᠨ ᠪᠠᠶᠢᠳᠠᠯ︔ ᠠᠯᠪᠠᠲᠠᠨ ᠡᠯᠰᠡᠬᠦ ᠰᠢᠯᠭᠠᠯᠲᠠ ᠶᠢᠨ ᠲᠤᠰᠢᠶᠠᠯ ᠤᠨ ᠪᠠᠶᠢᠷᠢ᠂ ᠣᠷᠣᠨ ᠲᠤᠭ᠎ᠠ᠂ ᠨᠡᠷ᠎ᠡ ᠮᠡᠳᠡᠭᠦᠯᠬᠦ ᠨᠥᠬᠦᠴᠡᠯ ᠵᠡᠷᠭᠡ ᠵᠤᠶᠢᠯᠡᠰ ᠵᠢᠴᠢ ᠡᠯᠰᠡᠨ ᠬᠡᠷᠡᠭᠯᠡᠭᠰᠡᠨ ᠦᠷ᠎ᠡ ᠳ᠋ᠦᠩ︔ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠲᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ ᠭᠡᠵᠦ ᠲᠣᠭᠲᠠᠭᠠᠭᠰᠠᠨ ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ᠃      ᠬᠤᠶᠠᠷ᠂ ︽ᠲᠥᠰᠦᠯ︾᠎ ᠤᠨ ᠠᠵᠢᠯ ᠤᠨ ᠡᠭᠦᠷᠭᠡ ᠨᠢ ᠶᠠᠭᠤ ᠪᠤᠢ︖      ᠨᠢᠭᠡ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠶᠢ ᠭᠦᠨᠵᠡᠭᠡᠶ ᠠᠬᠢᠭᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ  ᠲᠤᠬᠢᠲᠠᠭᠤᠯᠤᠯᠲᠠ᠂ ᠬᠤᠲᠠ ᠪᠠᠯᠭᠠᠰᠤᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ ᠤᠯᠤᠰ ᠠᠴᠠ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠵᠢᠴᠢ ᠠᠭᠤᠷᠬᠠᠢ ᠶᠢᠨ ᠡᠷᠬᠡ ᠶᠢ ᠰᠢᠯᠵᠢᠭᠦᠯᠦᠨ ᠦᠭᠬᠦ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ᠂ ︽ᠪᠠᠭᠤᠯᠭᠠᠬᠤ ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ ᠶᠢᠨ ᠬᠠᠮᠲᠤ ᠡᠯ᠎ᠡ ᠲᠦᠷᠦᠭᠦᠯᠡᠬᠦ ᠨᠢᠭᠡᠴᠡ ᠪᠣᠯᠤᠨ ᠬᠠᠮᠵᠢᠯᠴᠠᠬᠤ ᠨᠢᠭᠡᠴᠡ ᠶᠢ ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠤᠨ ᠲᠣᠭᠤᠷᠢᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠠᠶ᠃ ᠡᠷᠡᠭᠦᠯ ᠬᠠᠮᠠᠭᠠᠯᠠᠯ ᠤᠨ ᠬᠦᠷᠢᠶ᠎ᠡ᠂ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠦᠷᠢᠶ᠎ᠡ ᠪᠠ ᠨᠠᠶᠢᠭᠡᠮ ᠤᠨ ᠠᠪᠤᠷᠠᠨ ᠲᠤᠰᠠᠯᠠᠬᠤ ᠬᠦᠷᠢᠶ᠎ᠡ᠃      ᠭᠤᠷᠪᠠ᠂ ︽ᠲᠥᠰᠦᠯ︾᠎ ᠢ ᠬᠡᠷᠡᠭᠵᠢᠭᠦᠯᠬᠦ ᠠᠯᠬᠤᠮ ᠳᠠᠷᠠᠭ᠎ᠠ ᠨᠢ ᠶᠠᠭᠤ ᠪᠣᠶ︖      2020 ᠣᠨ ᠤ 8 ᠰᠠᠷ᠎ᠠ ᠶᠢᠨ 30᠎ ᠤ ᠡᠳᠦᠷ ᠠᠴᠠ ᠡᠮᠦᠨ᠎ᠡ ᠪᠥᠬᠦ ᠰᠢᠶᠠᠨ ᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ 2020᠎ ᠤᠨ 9 ᠰᠠᠷ᠎ᠠ ᠠᠴᠠ 2020᠎ ᠤᠨ 10 ᠰᠠᠷ᠎ᠠ ᠪᠣᠯᠲᠠᠯ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ ᠪᠠ ᠲᠤᠷᠰᠢᠨ ᠲᠣᠬᠢᠷᠠᠭᠤᠯᠵᠤ᠂ ᠢᠯᠡ ᠪᠣᠯᠭᠠᠬᠤ ᠵᠤᠶᠢᠯᠡᠰ ᠢ ᠪᠠᠶᠢᠩᠭᠤᠵᠢᠭᠤᠯᠤᠨ ᠨᠡᠶᠢᠲᠡᠯᠡᠬᠦ᠂ ᠬᠥᠳᠡᠯᠦᠩᠭᠦᠶ ᠰᠢᠨᠡᠴᠢᠯᠡᠬᠦ ᠶᠢ ᠪᠡᠶᠡᠯᠡᠭᠦᠯᠵᠦ᠂ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ 2020 ᠣᠨ ᠤ 11 ᠰᠠᠷ᠎ᠠ — 2020 ᠣᠨ ᠤ 12 ᠰᠠᠷ᠎ᠠ ᠳᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠳᠠᠯ᠂ ᠭᠤᠤᠯ ᠠᠷᠭ᠎ᠠ ᠪᠠᠷᠢᠯ ᠤ ᠣᠯᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠵᠡᠷᠭᠡ ᠶᠢ ᠦᠨᠳᠦᠰᠦᠯᠡᠨ ᠳ᠋ᠦᠩᠨᠡᠯᠲᠡ ᠴᠡᠭᠴᠡᠯᠡᠨ ᠰᠠᠶᠢᠵᠢᠷᠠᠭᠤᠯᠵᠤ᠂ ᠲᠡᠷᠡᠴᠢᠯᠡᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠶ᠃                                                                                ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3