︽ᠰᠢᠩ ᠾᠧ ᠰᠢᠶᠠᠨ ᠤ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ‌‍ᠲ᠋ᠦ᠋ᠰᠦᠯ︾᠎ ᠤᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2020/12/4
     ᠨᠢᠭᠡ᠂ ᠨᠠᠶᠢᠷᠠᠭᠤᠯᠤᠨ ᠵᠣᠬᠢᠶᠠᠬᠤ ᠵᠣᠷᠢᠯᠭ᠎ᠠ      ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠰᠡᠷᠡᠮᠵᠢ ᠶᠢᠨ ᠮᠡᠳᠡᠭᠡ ᠶᠢ ᠣᠨᠣᠪᠴᠢᠲᠠᠶ ᠴᠠᠭ ᠲᠤᠬᠠᠶ ᠳᠤᠨᠢ ᠬᠠᠩᠭᠠᠵᠤ᠂ ᠮᠠᠨ ᠤ ᠰᠢᠶᠠᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠥᠨᠳᠥᠷ ᠪᠦᠲᠦᠮ ᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠴᠠᠭ ᠠᠭᠤᠷ ᠤᠨ ᠭᠠᠮᠰᠢᠭ ᠢ ᠠᠷᠭᠠᠴᠠᠭᠠᠬᠤ ᠶᠡᠷᠤᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠡᠶ᠃ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠬᠤ᠂ ᠡᠳ᠋ ᠬᠥᠷᠥᠩᠭᠡ ᠬᠤᠬᠢᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠬᠦ ᠪᠤᠶᠤ ᠬᠤᠷᠢᠭᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠨᠠᠶᠢᠷᠠᠭᠤᠯᠤᠨ ᠵᠣᠬᠢᠶᠠᠬᠤ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠬᠥᠮᠦᠨ ᠤ ᠬᠦᠴᠦ ᠪᠠᠷ ᠨᠥᠯᠥᠭᠡᠯᠡᠬᠦ ᠬᠠᠮᠢᠶᠠᠷᠤᠯᠲᠠ ᠶᠢᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠳᠦᠷᠢᠮ︾᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠤᠯᠤᠰ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠶᠡᠷᠦᠩᠬᠡᠶ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠤᠯᠤᠰ ᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠵᠡᠷᠭᠡ ᠬᠤᠯᠪᠣᠭᠳᠠᠯ ᠢ ᠠᠷᠭᠠᠴᠠᠬᠤ ᠲᠥᠰᠦᠯ ᠲᠤᠰ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠪᠡᠯᠡᠳᠬᠡᠯ ᠲᠥᠰᠦᠯ ᠢ ᠲᠣᠭᠲᠠᠭᠠᠪᠠ᠃      ᠭᠤᠷᠪᠠ᠂ ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠢ ᠲᠣᠰ ᠰᠢᠶᠠᠨ ᠤ ᠬᠡᠪᠴᠢᠶᠡᠨ ᠳᠣᠲᠣᠷᠠᠬᠢ ᠬᠦᠨᠳᠦ ᠶᠡᠭᠡ ᠴᠠᠭ ᠠᠭᠤᠷ ᠤᠨ ᠭᠠᠮᠰᠢᠭ ᠪᠤᠶᠤ ᠲᠡᠭᠦᠨ ᠤ ᠡᠭᠦᠰᠦᠮᠡᠯ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠳᠤ ᠬᠡᠷᠡᠭᠯᠡᠨ᠎ᠡ᠃ ᠬᠦᠨᠳᠦ ᠶᠡᠭᠡ ᠴᠠᠭ ᠠᠭᠤᠷ ᠤᠨ ᠭᠠᠮᠰᠢᠭ᠂ ᠲᠡᠷᠡ ᠨᠢ ᠰᠢᠷᠦᠭᠦᠨ ᠪᠣᠷᠣᠭᠠᠨ᠂ ᠴᠠᠰᠤ ᠰᠢᠭᠤᠷᠭ᠎ᠠ᠂ ᠬᠦᠢᠳᠡᠨ ᠤᠷᠤᠰᠬᠠᠯ᠂ ᠶᠡᠭᠡ ᠰᠠᠯᠬᠢ᠂ ᠡᠯᠡᠰᠦᠨ ᠰᠢᠭᠤᠷᠭ᠎ᠠ᠂ ᠳᠤᠤᠷ᠎ᠠ ᠳᠤᠯᠠᠭᠠᠨ᠂ ᠥᠨᠳᠥᠷ ᠳᠤᠯᠠᠭᠠᠨ᠂ ᠭᠠᠩ ᠬᠠᠭᠤᠷᠠᠶ᠂ ᠠᠶᠤᠩᠭ᠎ᠠ ᠴᠠᠬᠢᠯᠭᠠᠨ᠂ ᠮᠥᠨᠳᠥᠷ᠂ ᠬᠢᠷᠠᠭᠤ ᠬᠥᠯᠳᠡᠬᠦ᠂ ᠶᠡᠭᠡ ᠮᠠᠨᠠᠨ᠂ ᠬᠤᠢ ᠰᠠᠯᠬᠢ ᠵᠡᠷᠭᠡ ᠴᠠᠭ ᠠᠭᠤᠷ ᠤᠨ ᠬᠡᠷᠡᠭ ᠤᠨ ᠨᠥᠯᠥᠭᠡ ᠠᠴᠠ ᠪᠤᠯᠵᠤ᠂ ᠬᠥᠮᠦᠨ ᠦᠬᠦᠵᠦ ᠰᠢᠷᠬᠠᠲᠤᠬᠤ᠂ ᠡᠳ᠋ ᠬᠥᠷᠦᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠬᠤ ᠪᠤᠶᠤ ᠬᠦᠨᠳᠦ ᠶᠡᠭᠡ ᠬᠤᠬᠢᠷᠠᠯ ᠤᠴᠠᠷᠠᠭᠤᠯᠬᠤ ᠪᠠ ᠨᠡᠶᠢᠭᠡᠮ ᠤᠨ ᠬᠦᠨᠳᠦ ᠶᠡᠭᠡ ᠨᠥᠯᠥᠭᠡ ᠦᠵᠡᠭᠦᠯᠬᠦ ᠴᠠᠭ ᠠᠭᠤᠷ ᠤᠨ ᠭᠠᠮᠰᠢᠭ ᠢ ᠵᠢᠭᠠᠵᠤ ᠪᠠᠶᠢᠨ᠎ᠠ᠃      ᠳᠥᠷᠪᠡᠨ᠂ ᠠᠵᠢᠯ ᠤᠨ ᠵᠠᠷᠴᠢᠮ      ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠲᠤᠤᠱᠯᠠ ᠭᠤᠯᠤᠨ ᠨᠠᠢᠳᠠᠪᠤᠷᠢᠵᠢᠭᠤᠯᠬᠤ᠂ ᠣᠯᠠᠨ ᠨᠡᠶᠢᠲᠡ ᠶᠢᠨ ᠴᠠᠭ ᠠᠭᠤᠷ᠂ ᠠᠶᠤᠯ ᠦᠭᠡᠢ ᠴᠠᠭ ᠠᠭᠤᠷ᠂ ᠡᠬᠢ ᠪᠠᠶᠠᠯᠢᠭ ᠤᠨ ᠴᠠᠭ ᠠᠭᠤᠷ ᠢ ᠬᠠᠷᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ ᠰᠢᠰᠲ᠋ᠧᠮ ᠪᠠ ᠬᠡᠰᠡᠭ ᠢ ᠤᠶᠤᠯᠳᠤᠭᠤᠯᠬᠤ᠂ ᠬᠡᠰᠡᠭ ᠢᠶᠠᠷ ᠭᠤᠤᠯ ᠪᠣᠯᠭᠠᠬᠤ ᠵᠠᠷᠴᠢᠮ ᠢ ᠪᠠᠷᠢᠮᠲᠠᠯᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠵᠢᠯ ᠬᠤᠪᠢᠶᠡᠷᠢᠯᠡᠨ ᠬᠠᠷᠢᠭᠤᠴᠠᠵᠤ᠂ ᠬᠠᠷᠢᠯᠴᠠᠨ ᠬᠠᠮᠵᠢᠯᠴᠠᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠭᠠᠮᠰᠢᠭ ᠢ ᠰᠡᠷᠭᠡᠶᠢᠯᠡᠬᠦ ᠪᠠ ᠭᠠᠮᠰᠢᠭ ᠢ ᠡᠰᠡᠷᠭᠦᠴᠡᠬᠦ ᠶᠢ ᠵᠡᠷᠭᠡ ᠳᠤᠨᠢ ᠠᠳᠬᠤᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠴᠥᠬᠦᠷᠡᠰᠢ ᠦᠭᠡᠢ ᠪᠠᠶᠢᠩᠭᠤ ᠪᠡᠯᠡᠳᠬᠡᠬᠦ ᠵᠠᠷᠴᠢᠮ ᠢ ᠪᠠᠷᠢᠮᠲᠠᠯᠠᠬᠤ ᠬᠡᠷᠡᠭᠲᠡᠶ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠬᠡᠷᠡᠭᠵᠢᠭᠦᠯᠦᠯᠲᠡ ᠨᠢ ᠤᠷᠤᠭᠰᠢᠲᠠᠶ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃      ᠲᠠᠪᠤ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ      ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠴᠠᠭ ᠠᠭᠤᠷ ᠤᠨ ᠲᠣᠪᠴᠢᠶᠠᠨ ᠳᠤ ᠲᠣᠬᠢᠷᠠᠭᠤᠯᠤᠨ᠎ᠠ᠃ ᠡᠯ᠎ᠡ ᠰᠢᠶᠠᠩ ︵ᠪᠠᠯᠭᠠᠰᠤ︶᠎ ᠤᠨ ᠠᠯᠪᠠᠨ ᠭᠡᠷ ᠵᠢᠴᠢ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠣᠶ ᠰᠢᠭᠤᠶ ᠪᠣᠯᠤᠨ ᠨᠤᠲᠤᠭ ᠪᠡᠯᠴᠢᠭᠡᠷ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠵᠢᠷᠭᠤᠭ᠎ᠠ᠂ ᠬᠢᠨᠠᠨ ᠬᠡᠮᠵᠢᠵᠦ ᠰᠡᠷᠡᠮᠵᠢᠯᠡᠭᠦᠯᠬᠦ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠬᠢᠨᠠᠨ ᠬᠡᠮᠵᠢᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠷᠲᠡᠭᠡ ᠲᠣᠤᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠡᠷ ᠡᠳ᠋ᠯᠡᠬᠦ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠴᠢᠲᠠᠪᠤᠷᠢ  ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠭᠠᠮᠰᠢᠭᠲᠤ ᠴᠠᠭ ᠠᠭᠤᠷ ᠤᠨ ᠬᠡᠷᠡᠭ ᠶᠠᠪᠤᠳᠠᠯ ᠢ ᠵᠥᠪᠳᠡᠯᠴᠡᠨ ᠵᠠᠳᠡᠯᠬᠤ ᠪᠠᠨ ᠴᠢᠩᠭᠠᠳᠬᠠᠵᠤ᠂ ᠭᠠᠮᠰᠢᠭᠲᠤ ᠴᠢᠨᠠᠷ᠂ ᠵᠠᠩᠭᠢᠯᠠᠭ᠎ᠠ ᠶᠢᠨ ᠴᠢᠨᠠᠷ᠂ ᠡᠷᠭᠢᠯᠲᠡ ᠶᠢᠨ ᠴᠢᠨᠠᠷᠲᠠᠶ ᠴᠢᠬᠤᠯᠠ ᠶᠡᠭᠡ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠬᠠᠨᠳᠤᠰᠢ ᠶᠢ ᠲᠥᠰᠦᠭᠡᠯᠡᠬᠦ ᠠᠵᠢᠯ ᠢ ᠰᠠᠶᠢᠲᠤᠷ ᠬᠢᠵᠦ᠂ ᠭᠠᠮᠰᠢᠭᠲᠤ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃      ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠲᠤᠯᠠᠭ᠎ᠠ᠂ ᠴᠢᠮᠡᠭᠡ ᠬᠤᠯᠪᠣᠭ᠎ᠠ ᠪᠣᠯᠤᠨ ᠮᠡᠳᠡᠭᠡ ᠵᠠᠩᠭᠢ ᠶᠢᠨ ᠪᠠᠲᠤᠯᠠᠭ᠎ᠠ᠂ ᠲᠣᠨᠣᠭᠯᠠᠯ ᠡᠳ᠋ ᠪᠣᠳᠠᠰ ᠪᠣᠯᠤᠨ ᠮᠡᠷᠭᠡᠵᠢᠯ ᠤᠨ ᠪᠠᠲᠤᠯᠠᠭ᠎ᠠ᠂ ᠨᠡᠶᠢᠭᠡᠮ ᠤᠨ ᠠᠪᠤᠷᠠᠨ‌‍ᠲ᠋ᠤᠰᠠᠯᠠᠬᠤ ᠪᠠ ᠡᠮᠴᠢᠯᠡᠭᠡ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠨᠠᠷᠢᠨ ᠲᠣᠳᠣᠷᠬᠠᠶ ᠲᠣᠭᠲᠠᠭᠠᠯ ᠭᠠᠷᠭᠠᠵᠠᠶ᠃                                    ᠣᠷᠴᠢᠭᠤᠯᠤᠭᠴᠢ  ᠄  ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3