︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ | ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 54 ᠳ᠋ᠦᠭᠡᠷ ᠲᠣᠭᠠᠲᠤ︶ ᠪᠠ ︽ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠠᠵᠢᠯ ᠢ | ᠪᠥᠬᠦ ᠲᠠᠯ᠎ᠠ ᠪᠠᠷ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ︹ 2020 ︺ 2 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠬᠤ ᠳᠦᠷᠢᠮᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ | ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠢᠷᠢ ᠲᠦᠪᠰᠢᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠦᠨᠡᠨ ᠬᠦ ᠳᠡᠭᠡᠭᠰᠢᠯᠡᠭᠦᠯᠵᠦ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2020 | ᠣᠨ ᠤ 8 ᠰᠠᠷ᠎ᠠ ᠶᠢᠨ 13 ᠤ ᠡᠳᠦᠷ ︽ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠪᠥᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ ᠡᠳᠦᠭᠡ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠳᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠪᠠ᠃ | ᠨᠢᠭᠡ᠂ ︽ᠲᠥᠰᠦᠯ︾ ᠤᠨ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ︖ | ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠨ ᠤ ᠰᠢᠭᠤᠳ | ᠬᠠᠷᠢᠶ᠎ᠠ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠪᠤᠶᠤ ᠵᠠᠰᠠᠭ ᠵᠠ | ᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠨᠠᠶᠢᠳᠠᠵᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠵᠣᠬᠢᠶᠠᠨ | ᠪᠠᠶᠢᠭᠤᠯᠤᠯᠲᠠ ᠵᠠᠰᠠᠭ ᠤᠨ ᠣᠷᠳᠣᠨ ᠤ ᠠᠯᠪᠠᠨ ᠮᠡᠳᠡᠭᠡ᠂ ᠢᠯᠡ ᠪᠤᠯᠤᠩ᠂ ᠡᠯᠧᠺᠲᠷᠣᠨ ᠳᠡᠯᠭᠡᠴᠡ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ | ᠵᠢᠴᠢ ᠠᠯᠪᠠᠨ ᠲᠠᠯ᠎ᠠ ᠶᠢᠨ ᠪᠢᠴᠢᠯ ᠪᠦᠷᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠨᠡᠶᠢᠲᠡ ᠶᠢᠨ | ᠮᠡᠳᠡᠬᠦ ᠳᠤ ᠳᠥᠭᠦᠮ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠣᠤᠷᠠᠬᠢ ᠠᠭᠤᠯᠭ᠎ᠠ ᠶᠢ ᠴᠠᠭ ᠲᠤᠬᠠᠶ ᠳᠤᠨᠢ | ᠣᠨᠣᠪᠴᠢᠲᠠᠶ ᠢᠯᠡ ᠪᠣᠯᠭᠠᠨ᠎ᠠ᠄ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠲᠦᠷᠢᠮ ᠲᠣᠭᠲᠠᠭᠠᠯ ᠪᠠ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ︔ ᠪᠠᠶᠢᠭᠤᠯᠭ᠎ᠠ ᠶᠢᠨ ᠡᠭᠦᠷᠭᠡ ᠴᠢᠳᠠᠪᠤᠷᠢ᠂ ᠪᠠᠶᠢᠭᠤᠯᠤᠮᠵᠢ ᠶᠢᠨ | ᠪᠠᠶᠢᠷᠢᠯᠠᠭᠤᠯᠤᠯᠲᠠ᠂ ᠠᠵᠢᠯᠯᠠᠬᠤ ᠬᠠᠶ᠋ᠢᠭ᠂ ᠡᠵᠢᠯᠯᠡᠬᠤ ᠴᠠᠭ᠂ ᠬᠠᠷᠢᠯᠴᠠᠬᠤ ᠠᠷᠭ᠎ᠠ ᠮᠠᠶ᠋ᠢᠭ᠂ ᠬᠠᠷᠢᠭᠤᠴᠠᠯᠭᠠᠲᠠᠨ ᠤ | ᠣᠪᠣᠭ ᠨᠡᠷ᠎ᠡ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ | ᠲᠤᠰᠬᠠᠶ ᠲᠥᠯᠥᠪᠵᠢᠭᠦᠯᠭᠡ᠂ ᠣᠷ ᠤᠨ ᠪᠦᠰᠡ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠮᠡᠳᠡᠭᠡ | ᠵᠠᠩᠭᠢ︔ ᠵᠠᠰᠠᠭ ᠵᠠᠬᠢᠷᠭᠠᠨ ᠤ ᠵᠥᠪᠰᠢᠶᠡᠷᠡᠯ ᠪᠠ ᠪᠤᠰᠤᠳ ᠭᠠᠳᠠᠭᠰᠢ ᠬᠠᠮᠢᠶᠠᠷᠬᠤ ᠤᠶᠢᠯᠡᠴᠢᠯᠡᠭᠡᠨ ᠤ ᠵᠤᠶᠢᠯᠡᠰ ᠤᠨ | ᠦᠨᠳᠦᠰᠦ ᠪᠠᠷᠢᠮᠲᠠ᠂ ᠨᠥᠬᠦᠴᠡᠯ᠂ ᠵᠢᠷᠤᠮ ᠵᠢᠴᠢ ᠰᠢᠢᠳᠪᠤᠷᠢᠯᠡᠭᠰᠡᠨ ᠦᠷ᠎ᠡ ᠳ᠋ᠦᠩ︔ ᠵᠠᠰᠠᠭ ᠵᠠᠬᠢᠷᠭᠠᠨ ᠤ | ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠦᠨᠳᠦᠰᠦ ᠪᠠᠷᠢᠮᠲᠠ᠂ ᠨᠦᠬᠦᠴᠡᠯ᠂ ᠵᠢᠷᠤᠮ ᠵᠢᠴᠢ | ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠣᠬᠢᠬᠤ ᠨᠡᠶᠢᠭᠡᠮ ᠤᠨ ᠨᠥᠯᠥᠭᠡ ᠲᠠᠢ ᠭᠡᠵᠦ ᠦᠵᠡᠭᠰᠡᠨ ᠵᠠᠰᠠᠭ | ᠵᠠᠬᠢᠷᠭᠠᠨ ᠤ ᠰᠢᠳᠬᠡᠯ ᠤᠨ ᠲᠣᠭᠲᠠᠭᠠᠯ︔ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠭᠡᠯ ᠤᠨ | ᠮᠡᠳᠡᠭᠡ ᠵᠠᠩᠭᠢ︔ ᠵᠠᠰᠠᠭ ᠵᠠᠬᠢᠷᠭᠠᠨ ᠠᠵᠢᠯ ᠤᠶᠢᠯᠡᠰ ᠤᠨ ᠴᠢᠨᠠᠷᠲᠠᠶ ᠰᠤᠶᠢᠳᠭᠡᠯ ᠬᠤᠷᠢᠶᠠᠬᠤ ᠵᠤᠶᠢᠯᠡᠰ ᠵᠢᠴᠢ | ᠲᠡᠭᠦᠨ ᠤ ᠦᠨᠳᠦᠰᠦᠯᠡᠯ᠂ ᠪᠠᠷᠢᠮᠵᠢᠶ᠎ᠠ︔ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ | ᠵᠦᠢᠯ ᠤᠨ ᠭᠠᠷᠴᠠᠭ᠂ ᠪᠠᠷᠢᠮᠵᠢᠶ᠎ᠠ ᠵᠢᠴᠢ ᠬᠡᠷ ᠡᠭᠵᠢᠭᠦᠯᠦᠭᠰᠡᠨ ᠪᠠᠢᠳᠠᠯ︔ ᠴᠢᠬᠤᠯᠠ ᠶᠡᠭᠡ ᠪᠦᠳᠦᠭᠡᠨ | ᠪᠠᠶᠢᠭᠤᠯᠤᠯᠲᠠ ᠶᠢᠨ ᠵᠤᠶᠢᠯᠡᠰ ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠪᠠᠶᠢᠳᠠᠯ︔ ᠶᠠᠳᠠᠭᠤ ᠶᠢ ᠲᠡᠳᠬᠦᠬᠦ᠂ | ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠵᠡᠷᠭᠡ | ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ︔ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠠᠷᠭᠠᠴᠠᠭᠰᠠᠨ ᠪᠠᠶᠢᠳᠠᠯ︔ ᠣᠷᠴᠢᠨ ᠲᠣᠭᠤᠷᠢᠨ ᠤ | ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠶ ᠤᠶᠢᠯᠡᠳᠪᠤᠷᠢᠯᠡᠯ᠂ ᠢᠳᠡᠭᠡᠨ ᠤ ᠵᠤᠶᠢᠯ | ᠡᠮ ᠤᠨ ᠵᠤᠶᠢᠯ ᠂ ᠤᠶᠢᠯᠡᠳᠭᠦᠨ ᠤ ᠶᠠᠰᠤ ᠴᠢᠨᠠᠷ ᠢ ᠬᠢᠨᠠᠵᠤ ᠪᠠᠶᠢᠴᠠᠭᠠᠭᠰᠠᠨ ᠪᠠᠶᠢᠳᠠᠯ︔ ᠠᠯᠪᠠᠲᠠᠨ ᠡᠯᠰᠡᠬᠦ | ᠰᠢᠯᠭᠠᠯᠲᠠ ᠶᠢᠨ ᠲᠤᠰᠢᠶᠠᠯ ᠤᠨ ᠪᠠᠶᠢᠷᠢ᠂ ᠣᠷᠣᠨ ᠲᠤᠭ᠎ᠠ᠂ ᠨᠡᠷ᠎ᠡ ᠮᠡᠳᠡᠭᠦᠯᠬᠦ ᠨᠥᠬᠦᠴᠡᠯ ᠵᠡᠷᠭᠡ ᠵᠤᠶᠢᠯᠡᠰ ᠵᠢᠴᠢ | ᠡᠯᠰᠡᠨ ᠬᠡᠷᠡᠭᠯᠡᠭᠰᠡᠨ ᠦᠷ᠎ᠡ ᠳ᠋ᠦᠩ︔ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ | ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠲᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ ᠭᠡᠵᠦ | ᠲᠣᠭᠲᠠᠭᠠᠭᠰᠠᠨ ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ᠃ | ᠬᠤᠶᠠᠷ᠂ ︽ᠲᠥᠰᠦᠯ︾ ᠤᠨ ᠠᠵᠢᠯ ᠤᠨ ᠡᠭᠦᠷᠭᠡ ᠨᠢ ᠶᠠᠭᠤ ᠪᠤᠢ︖ | ᠨᠢᠭᠡ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠤᠯᠭᠠᠬᠤ ᠶᠢ ᠭᠦᠨᠵᠡᠭᠡᠶ ᠠᠬᠢᠭᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠲᠤᠬᠢᠲᠠᠭᠤᠯᠤᠯᠲᠠ᠂ ᠬᠤᠲᠠ ᠪᠠᠯᠭᠠᠰᠤᠨ ᠤ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ ᠤᠯᠤᠰ ᠠᠴᠠ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ | ᠵᠢᠴᠢ ᠠᠭᠤᠷᠬᠠᠢ ᠶᠢᠨ ᠡᠷᠬᠡ ᠶᠢ ᠰᠢᠯᠵᠢᠭᠦᠯᠦᠨ ᠦᠭᠬᠦ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ | ᠠᠬᠢᠭᠤᠯᠬᠤ᠂ ︽ᠪᠠᠭᠤᠯᠭᠠᠬᠤ ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢᠨ ᠮᠡᠳᠡᠭᠡ ᠵᠠᠩᠭᠢ ᠶᠢ ᠢᠯᠡ | ᠪᠣᠯᠭᠠᠬᠤ ᠶᠢ ᠠᠬᠢᠭᠤᠯᠵᠤ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠮᠡᠳᠡᠭᠡ ᠵᠠᠩᠭᠢ ᠶᠢ | ᠢᠯᠡ ᠪᠣᠯᠭᠠᠬᠤ ᠶᠢ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠮᠡᠳᠡᠭᠡ | ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠮᠡᠳᠡᠭᠡ | ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠢᠯᠡ | ᠪᠣᠯᠭᠠᠬᠤ ᠶᠢ ᠲᠦᠯᠬᠢᠨ ᠠᠬᠢᠭᠤᠯᠬᠤ ᠶᠢᠨ ᠬᠠᠮᠲᠤ ᠡᠯ᠎ᠡ ᠲᠦᠷᠦᠭᠦᠯᠡᠬᠦ ᠨᠢᠭᠡᠴᠡ ᠪᠣᠯᠤᠨ ᠬᠠᠮᠵᠢᠯᠴᠠᠬᠤ ᠨᠢᠭᠡᠴᠡ ᠶᠢ | ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠤᠨ ᠲᠣᠭᠤᠷᠢᠨ ᠳᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠠᠶ᠃ ᠡᠷᠡᠭᠦᠯ ᠬᠠᠮᠠᠭᠠᠯᠠᠯ ᠤᠨ ᠬᠦᠷᠢᠶ᠎ᠡ᠂ | ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠦᠷᠢᠶ᠎ᠡ ᠪᠠ ᠨᠠᠶᠢᠭᠡᠮ ᠤᠨ ᠠᠪᠤᠷᠠᠨ ᠲᠤᠰᠠᠯᠠᠬᠤ ᠬᠦᠷᠢᠶ᠎ᠡ᠃ | ᠭᠤᠷᠪᠠ᠂ ︽ᠲᠥᠰᠦᠯ︾ ᠢ ᠬᠡᠷᠡᠭᠵᠢᠭᠦᠯᠬᠦ ᠠᠯᠬᠤᠮ ᠳᠠᠷᠠᠭ᠎ᠠ ᠨᠢ ᠶᠠᠭᠤ ᠪᠣᠶ︖ | 2020 ᠣᠨ ᠤ 8 ᠰᠠᠷ᠎ᠠ ᠶᠢᠨ 30 ᠤ ᠡᠳᠦᠷ ᠠᠴᠠ ᠡᠮᠦᠨ᠎ᠡ ᠪᠥᠬᠦ ᠰᠢᠶᠠᠨ ᠤ ᠬᠡᠷᠡᠭᠵᠢᠭᠦᠯᠬᠦ ᠲᠥᠰᠦᠯ ᠢ | ᠲᠣᠭᠲᠠᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ | 2020 ᠤᠨ 9 ᠰᠠᠷ᠎ᠠ ᠠᠴᠠ 2020 ᠤᠨ 10 ᠰᠠᠷ᠎ᠠ ᠪᠣᠯᠲᠠᠯ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠠᠬᠢᠭᠤᠯᠬᠤ ᠪᠠ ᠲᠤᠷᠰᠢᠨ ᠲᠣᠬᠢᠷᠠᠭᠤᠯᠵᠤ᠂ ᠢᠯᠡ ᠪᠣᠯᠭᠠᠬᠤ ᠵᠤᠶᠢᠯᠡᠰ ᠢ ᠪᠠᠶᠢᠩᠭᠤᠵᠢᠭᠤᠯᠤᠨ ᠨᠡᠶᠢᠲᠡᠯᠡᠬᠦ᠂ | ᠬᠥᠳᠡᠯᠦᠩᠭᠦᠶ ᠰᠢᠨᠡᠴᠢᠯᠡᠬᠦ ᠶᠢ ᠪᠡᠶᠡᠯᠡᠭᠦᠯᠵᠦ᠂ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠪᠥᠬᠦ ᠲᠠᠯ᠎ᠠ ᠪᠠᠷ ᠠᠬᠢᠭᠤᠯᠤᠨ᠎ᠠ᠃ 2020 ᠣᠨ ᠤ 11 ᠰᠠᠷ᠎ᠠ — 2020 ᠣᠨ ᠤ 12 ᠰᠠᠷ᠎ᠠ ᠳᠤ ᠡᠯ᠎ᠡ | ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠶᠡᠷᠦᠩᠬᠡᠶ ᠪᠠᠶᠢᠳᠠᠯ᠂ ᠭᠤᠤᠯ ᠠᠷᠭ᠎ᠠ ᠪᠠᠷᠢᠯ ᠤ ᠣᠯᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠰᠠᠨᠠᠭᠤᠯᠭ᠎ᠠ ᠵᠡᠷᠭᠡ ᠶᠢ ᠦᠨᠳᠦᠰᠦᠯᠡᠨ ᠳ᠋ᠦᠩᠨᠡᠯᠲᠡ ᠴᠡᠭᠴᠡᠯᠡᠨ ᠰᠠᠶᠢᠵᠢᠷᠠᠭᠤᠯᠵᠤ᠂ ᠲᠡᠷᠡᠴᠢᠯᠡᠨ | ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠬᠢ ᠶᠢ | ᠢᠯᠡ ᠪᠣᠯᠭᠠᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠤᠯᠠᠮ ᠨᠢᠭᠡ ᠠᠯᠬᠤᠮ ᠪᠡᠶᠡᠯᠡᠭᠦᠯᠬᠦ | ᠬᠡᠷᠡᠭᠲᠡᠶ᠃ | | ᠣᠷᠴᠢᠭᠤᠯᠤᠭᠴᠢ ᠄ ᠨᠠᠷᠠᠰᠤ ᠡᠷᠳᠡᠨᠢᠭᠤᠸ᠎ᠠ |