ᠮᠠᠨ ᠤ ᠰᠢᠶᠠᠨ ᠨᠢ ᠤᠳᠠᠯ ᠦᠭᠡᠢ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠣᠬᠤᠷᠢᠨ ᠭᠠᠷᠬᠤ ᠭᠡᠵᠦ ᠪᠠᠶᠢᠨ᠎ᠠ
ᠨᠡᠶᠢᠲᠡᠯᠡᠭᠰᠡᠨ ᠴᠠᠭ᠄
2020-02-26
     2 ᠳ᠋ᠤᠭᠠᠷ ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠠᠴᠠ ᠰᠢᠩ ᠾᠧ ᠰᠢᠶᠠᠨ ᠵᠡᠷᠭᠡ 20 ᠨᠡᠷ᠎ᠡ ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠬᠤ ᠶᠢ ᠢᠯᠡ ᠨᠡᠶᠢᠲᠡᠯᠡᠵᠦ᠂ ᠰᠢᠩ ᠾᠧ ᠰᠢᠶᠠᠨ ᠤᠳᠠᠯ ᠥᠬᠡᠶ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠴᠤ᠂ ᠡᠨᠡ ᠨᠢ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠪᠠᠨ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠰᠢᠩ ᠾᠧ ᠰᠢᠶᠠᠨ ᠨᠢ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠰᠢᠶᠠᠨ᠂ ᠥᠪᠡᠷᠲᠡᠭᠡᠨ ᠵᠠᠰᠠᠬᠤ ᠣᠷᠣᠨ ᠤ ᠣᠨᠴᠠ ᠶᠠᠳᠠᠭᠤ ᠬᠦᠴᠢᠷᠳᠡᠯᠲᠡᠶ ᠰᠢᠶᠠᠨ ᠳᠤ ᠬᠠᠷᠢᠶᠠᠯᠠᠭᠳᠠᠵᠤ᠂ 2019 ᠣᠨ ᠤ 11 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ ᠎ᠠ᠂ 87 ᠶᠠᠳᠠᠭᠤ ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠤᠬᠤᠷᠢᠨ ᠭᠠᠷᠴᠤ ᠂ ᠪᠥᠬᠦ ᠰᠢᠶᠠᠨ ᠤ ᠳᠠᠩᠰᠠᠯᠠᠨ ᠺᠠᠷᠲᠯᠠᠭᠰᠠᠨ ᠰᠢᠰᠲ᠋ᠧᠮ ᠳᠠᠬᠢ ᠶᠠᠳᠠᠭᠤ ᠬᠦᠴᠢᠷᠳᠡᠯᠳᠠᠢ ᠬᠦᠮᠦᠨ ᠠᠮᠠ ᠨᠢ 9094 ᠡᠷᠦᠬᠡ ᠶᠢᠨ 20869 ᠬᠥᠮᠦᠨ ᠠᠮᠠ ᠪᠠᠶᠢᠵᠤ᠂ 8951 ᠡᠷᠦᠬᠡ ᠶᠢᠨ 20542 ᠬᠥᠮᠦᠨ ᠠᠮᠠ ᠨᠢ ᠶᠠᠳᠠᠭᠤ ᠠᠴᠠ ᠠᠩᠭᠢᠵᠢᠷᠠᠪᠠ᠃ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ 143 ᠡᠷᠦᠬᠡ ᠶᠢᠨ 327 ᠬᠦᠮᠦᠨ ᠠᠮᠠ ᠪᠠᠶᠢᠵᠤ᠂ ᠶᠡᠷᠦᠩᠬᠡᠶᠢᠯᠡᠭᠰᠡᠨ ᠶᠠᠳᠠᠭᠤ ᠬᠦᠴᠢᠷᠳᠡᠯ ᠤᠨ ᠨᠣᠷᠮ᠎ᠠ ᠨᠢ 0.12% ᠪᠣᠯᠲᠠᠯ᠎ᠠ ᠪᠠᠭᠤᠷᠠᠵᠤ᠂ ᠪᠤᠷᠤᠭᠤ ᠤᠬᠤᠷᠢᠭᠰᠠᠨ ᠨᠣᠷᠮ᠎ᠠ ᠨᠢ ᠲᠡᠭ ᠪᠠᠶᠢᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠡᠯᠡᠯᠲᠡ ᠠᠴᠠ ᠭᠤᠭᠤᠵᠢᠭᠳᠠᠭᠰᠠᠨ ᠨᠣᠷᠮ᠎ᠠ ᠨᠢ ᠲᠡᠭ ᠪᠠᠶᠢᠵᠤ᠂ ᠮᠡᠳᠡᠷᠡᠭᠳᠡᠭᠰᠡᠨ ᠬᠡᠮᠵᠢᠶ᠎ᠡ ᠨᠢ 98%᠎ ᠶᠢ ᠳᠠᠪᠠᠵᠤ᠂ ᠰᠢᠶᠠᠨ ᠤ ᠱᠠᠲᠤᠨ ᠤ ᠭᠤᠶᠤᠴᠢᠯᠠᠯ᠂ ᠬᠤᠲᠠ ᠶᠢᠨ ᠱᠠᠲᠤᠨ ᠤ ᠠᠩᠬᠠᠨ ᠤ ᠬᠢᠨᠠᠯᠲᠠ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠶᠠᠪᠣᠴᠠ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠰᠢᠶᠠᠨ ᠤ ᠤᠬᠤᠷᠢᠨ ᠭᠠᠷᠬᠤ ᠪᠠᠷᠢᠮᠵᠢᠶ᠎ᠠ ᠳᠤ ᠬᠥᠷᠪᠡ᠃                                                     ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3