| | 2 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠠᠴᠠ ᠰᠢᠩ ᠾᠧ ᠰᠢᠶᠠᠨ ᠵᠡᠷᠭᠡ 20 ᠨᠡᠷ᠎ᠡ ᠬᠤᠰᠢᠭᠤ ᠰᠢᠶᠠᠨ ᠤ | ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠬᠤ ᠶᠢ ᠢᠯᠡ ᠨᠡᠶᠢᠲᠡᠯᠡᠵᠦ᠂ ᠰᠢᠩ ᠾᠧ ᠰᠢᠶᠠᠨ | ᠤᠳᠠᠯ ᠥᠬᠡᠶ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠴᠤ᠂ ᠡᠨᠡ ᠨᠢ ᠶᠠᠳᠠᠭᠤ ᠠᠴᠠ | ᠠᠩᠭᠢᠵᠢᠷᠠᠭᠤᠯᠬᠤ ᠬᠠᠷᠠᠯᠲᠠ ᠪᠠᠨ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | ᠰᠢᠩ ᠾᠧ ᠰᠢᠶᠠᠨ ᠨᠢ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠰᠢᠶᠠᠨ᠂ ᠥᠪᠡᠷᠲᠡᠭᠡᠨ ᠵᠠᠰᠠᠬᠤ | ᠣᠷᠣᠨ ᠤ ᠣᠨᠴᠠ ᠶᠠᠳᠠᠭᠤ ᠬᠦᠴᠢᠷᠳᠡᠯᠲᠡᠶ ᠰᠢᠶᠠᠨ ᠳᠤ ᠬᠠᠷᠢᠶᠠᠯᠠᠭᠳᠠᠵᠤ᠂ 2019 ᠣᠨ ᠤ 11 ᠳ᠋ᠦᠭᠡᠷ | ᠰᠠᠷ᠎ᠠ ᠶᠢᠨ ᠰᠡᠭᠦᠯᠴᠢ ᠪᠣᠯᠲᠠᠯ ᠠ᠂ 87 ᠶᠠᠳᠠᠭᠤ ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠤᠬᠤᠷᠢᠨ ᠭᠠᠷᠴᠤ | ᠂ ᠪᠥᠬᠦ ᠰᠢᠶᠠᠨ ᠤ ᠳᠠᠩᠰᠠᠯᠠᠨ ᠺᠠᠷᠲᠯᠠᠭᠰᠠᠨ ᠰᠢᠰᠲ᠋ᠧᠮ ᠳᠠᠬᠢ ᠶᠠᠳᠠᠭᠤ ᠬᠦᠴᠢᠷᠳᠡᠯᠳᠠᠢ ᠬᠦᠮᠦᠨ ᠠᠮᠠ ᠨᠢ 9094 | ᠡᠷᠦᠬᠡ ᠶᠢᠨ 20869 ᠬᠥᠮᠦᠨ ᠠᠮᠠ ᠪᠠᠶᠢᠵᠤ᠂ 8951 ᠡᠷᠦᠬᠡ ᠶᠢᠨ 20542 ᠬᠥᠮᠦᠨ ᠠᠮᠠ ᠨᠢ | ᠶᠠᠳᠠᠭᠤ ᠠᠴᠠ ᠠᠩᠭᠢᠵᠢᠷᠠᠪᠠ᠃ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ 143 | ᠡᠷᠦᠬᠡ ᠶᠢᠨ 327 ᠬᠦᠮᠦᠨ ᠠᠮᠠ ᠪᠠᠶᠢᠵᠤ᠂ ᠶᠡᠷᠦᠩᠬᠡᠶᠢᠯᠡᠭᠰᠡᠨ ᠶᠠᠳᠠᠭᠤ ᠬᠦᠴᠢᠷᠳᠡᠯ ᠤᠨ ᠨᠣᠷᠮ᠎ᠠ ᠨᠢ 0.12% | ᠪᠣᠯᠲᠠᠯ᠎ᠠ ᠪᠠᠭᠤᠷᠠᠵᠤ᠂ ᠪᠤᠷᠤᠭᠤ ᠤᠬᠤᠷᠢᠭᠰᠠᠨ ᠨᠣᠷᠮ᠎ᠠ ᠨᠢ ᠲᠡᠭ ᠪᠠᠶᠢᠵᠤ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠦᠨᠡᠯᠡᠯᠲᠡ ᠠᠴᠠ ᠭᠤᠭᠤᠵᠢᠭᠳᠠᠭᠰᠠᠨ ᠨᠣᠷᠮ᠎ᠠ ᠨᠢ ᠲᠡᠭ ᠪᠠᠶᠢᠵᠤ᠂ ᠮᠡᠳᠡᠷᠡᠭᠳᠡᠭᠰᠡᠨ ᠬᠡᠮᠵᠢᠶ᠎ᠡ ᠨᠢ | 98% ᠶᠢ ᠳᠠᠪᠠᠵᠤ᠂ ᠰᠢᠶᠠᠨ ᠤ ᠱᠠᠲᠤᠨ ᠤ ᠭᠤᠶᠤᠴᠢᠯᠠᠯ᠂ ᠬᠤᠲᠠ ᠶᠢᠨ ᠱᠠᠲᠤᠨ ᠤ ᠠᠩᠬᠠᠨ ᠤ ᠬᠢᠨᠠᠯᠲᠠ᠂ | ᠥᠪᠡᠷᠲᠡᠭᠡᠨ ᠵᠠᠰᠠᠬᠤ ᠣᠷᠣᠨ ᠤ ᠲᠤᠰᠬᠠᠶ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠶᠠᠪᠣᠴᠠ ᠶᠢ ᠪᠡᠶᠡᠯᠡᠭᠦᠯᠵᠦ᠂ | ᠶᠠᠳᠠᠭᠤ ᠬᠦᠴᠢᠷᠳᠡᠯᠲᠡᠶ ᠰᠢᠶᠠᠨ ᠤ ᠤᠬᠤᠷᠢᠨ ᠭᠠᠷᠬᠤ ᠪᠠᠷᠢᠮᠵᠢᠶ᠎ᠠ ᠳᠤ ᠬᠥᠷᠪᠡ᠃ | | | ᠣᠷᠴᠢᠭᠤᠯᠣᠭᠴᠢ᠄ ᠰᠣᠷᠭᠤᠭ | | |