ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠴᠠ ᠲᠦᠷᠦᠭᠦᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠳᠤ ᠮᠦᠩᠭᠦ ᠬᠠᠨᠳᠢᠪᠯᠠᠪᠠ
ᠨᠡᠶᠢᠲᠡᠯᠡᠭᠰᠡᠨ ᠴᠠᠭ᠄
2020-03-01
     2 ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠴᠠ ᠲᠦᠷᠦᠭᠦᠯᠡᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠳᠤ ᠮᠦᠩᠭᠦ ᠬᠠᠨᠳᠢᠪᠯᠠᠵᠤ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠪᠣᠲᠠᠲᠣ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠨ ᠤ ᠪᠠᠬᠢᠯᠡᠯᠲᠡ ᠪᠠ ᠡᠪ ᠬᠠᠮᠲᠤ ᠨᠠᠮ ᠤᠨ ᠭᠡᠰᠢᠭᠦᠨ ᠺᠠᠳᠡᠷ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠪᠠ᠃
    ᠬᠠᠨᠳᠢᠪᠯᠠᠬᠤ ᠠᠵᠢᠯᠯᠠᠭ᠎ᠠ ᠳᠤᠮᠳᠠ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠎ ᠤᠳ ᠢᠳᠡᠪᠬᠢᠲᠠᠢ ᠣᠷᠣᠯᠴᠠᠵᠣ᠂ ᠡᠪ ᠬᠠᠮᠲᠤ ᠨᠠᠮ ᠤᠨ ᠭᠡᠰᠢᠭᠦᠨ ᠺᠠᠳᠡᠷ ᠤᠨ ᠬᠤᠰᠢᠭᠤᠴᠢ ᠵᠢᠱᠢᠶᠡᠴᠢ ᠦᠢᠯᠡᠳᠦᠯ ᠢ ᠦᠨᠡᠨ ᠬᠦ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠢᠨᠠᠮᠠᠭᠠᠶ ᠰᠤᠷᠤᠯᠴᠠᠨ ᠲᠣᠣᠱᠯᠠᠭᠤᠯᠵᠣ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠣᠯᠲᠠ ᠶᠢᠨ ᠱᠠᠭᠠᠷᠳᠠᠯᠭ᠎ᠠ ᠲᠠᠢ ᠡᠷᠡᠰ ᠨᠢᠭᠡᠳᠬᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠲᠣᠭᠲᠠᠯ ᠬᠦᠴᠦᠨ ᠢᠶᠠᠨ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠨ ᠳᠤ ᠢᠯᠠᠯᠲᠠ ᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠣᠯᠠᠨ ᠢᠶᠠᠷ ᠢᠶᠠᠨ ᠢᠯᠡᠳᠬᠡᠪᠡ  ᠃      ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠪᠬᠢᠲᠡᠶ ᠬᠥᠳᠡᠯᠦᠯᠴᠡᠵᠦ᠂ ᠪᠥᠬᠦ ᠰᠢᠶᠠᠨ ᠢᠶᠠᠷ ᠢᠶᠠᠨ ᠬᠠᠮᠲᠣᠷᠠᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠣ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠪᠥᠬᠦ ᠰᠢᠶᠠᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠬᠦᠴᠦᠲᠡᠶ ᠪᠠᠲᠤᠯᠠᠪᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠠᠭ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠣ᠂ ᠪᠥᠬᠦ ᠰᠢᠶᠠᠨ ᠤ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠠᠶ᠃      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠡᠯ᠎ᠡ ᠡᠲᠡᠭᠡᠳ ᠤᠨ ᠬᠠᠶᠢᠷ᠎ᠠ ᠬᠠᠯᠠᠮᠵᠢᠲᠤ ᠠᠵᠤ ᠠᠬᠤᠶᠢᠯᠠᠯ ᠪᠠ ᠬᠠᠶᠢᠷ᠎ᠠ ᠬᠠᠯᠠᠮᠵᠢᠲᠤ ᠬᠥᠮᠦᠰ ᠤᠨ ᠢᠳᠡᠪᠬᠢᠲᠡᠶ ᠬᠦᠷᠢᠶᠡᠯᠡᠯ ᠢ ᠣᠯᠵᠤ᠂ 2 ᠰᠠᠷ᠎ᠠ ᠶᠢᠨ 28᠎ ᠤ ᠡᠳᠦᠷ ᠪᠣᠯᠲᠠᠯ᠎ᠠ ᠨᠢᠭᠡᠨᠲᠡ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ 2053673.44 ᠲᠦᠮᠡᠨ ᠲᠥᠭᠦᠷᠢᠭ ︵ᠡᠭᠦᠨ ᠳᠤ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢᠨ 29000 ᠲᠥᠭᠦᠷᠢᠭ ᠪᠠᠭᠲᠠᠨ᠎ᠠ︶ ᠭᠥᠯᠢᠶᠡᠨ ᠠᠪᠴᠠᠶ᠃                                                    ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3