2019 ᠤᠨ ᠤ 1-2 ᠰᠠᠷ᠎ᠠ ᠳᠠᠬᠢ ᠰᠢᠩ ᠾᠧ ᠰᠢᠶᠠᠨ ᠤ ᠠᠵᠤ ᠠᠬᠤᠢ ᠶᠢᠨ ᠵᠢᠭᠠᠯᠲᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020-03-17
     1-2 ᠰᠠᠷ᠎ᠠ ᠳᠤ᠂ ᠵᠢᠱᠢᠯᠲᠡ ᠪᠠᠷ ᠰᠢᠩ ᠾᠧ ᠰᠢᠶᠠᠨ ᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5.34 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰ ᠲᠣᠰ ᠨᠢᠭᠡᠳᠦᠭᠡᠷ ᠠᠵᠤ ᠠᠬᠤᠶᠢᠯᠠᠯ ᠨᠢ 0.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠵᠦ᠂ ᠬᠤᠶᠠᠳᠤᠭᠠᠷ ᠠᠵᠤ ᠠᠬᠤᠶᠢᠯᠠᠯ ᠨᠢ 3.48 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠭᠤᠷᠪᠠᠳᠤᠭᠠᠷ ᠠᠵᠤ ᠠᠬᠤᠶᠢᠯᠠᠯ ᠨᠢ 1.58 ᠳ᠋ᠦᠩᠰᠢᠭᠤᠷ ᠲᠥᠭᠦᠷᠢᠭ ᠬᠦᠷᠪᠡ᠃ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 10 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠪᠡ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 9.36 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 3.04 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠨᠢ 4.13 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 4906 ᠲᠥᠭᠦᠷᠢᠭ ᠪᠠ 1065 ᠲᠥᠭᠦᠷᠢᠭ ᠪᠡᠶᠡᠯᠡᠭᠦᠯᠪᠡ᠃ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠨᠢ 8864 ᠲᠥᠭᠦᠷᠢᠭ ᠪᠠᠶᠢᠵᠦ᠂ ᠬᠡᠳᠦᠨ ᠲᠦᠷᠦᠯ ᠤᠨ ᠭᠤᠤᠯ ᠪᠣᠯᠬᠤ ᠠᠵᠤ ᠠᠬᠤᠶ ᠶᠢᠨ ᠵᠢᠭᠠᠯᠲᠠ ᠲᠤᠭ᠎ᠠ ᠴᠥᠮ ᠨᠡᠮᠡᠭᠳᠡᠯ ᠲᠠᠢ ᠪᠣᠯᠵᠣ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠡᠨᠡ ᠨᠢ ᠰᠢᠩ ᠾᠧ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠤ ᠠᠬᠤᠶ ᠶᠡᠷᠦᠩᠬᠡᠶ ᠳᠡᠭᠡᠨ ᠲᠣᠭᠲᠠᠭᠤᠨ ᠪᠠᠶᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠭᠰᠠᠨ ᠢ ᠬᠠᠷᠠᠭᠤᠯᠵᠤ ᠪᠠᠶᠢᠨ᠎ᠠ᠃                                                      ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3