| | 2020 ᠣᠨ ᠳᠤ᠂ ᠰᠢᠩ ᠾᠧ ᠰᠢᠶᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠩᠭᠠᠯᠭ᠋ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠠᠳᠬᠤᠵᠤ᠂ ᠠᠵᠤ | ᠦᠢᠯᠡᠰ ᠢ ᠬᠥᠭᠵᠢᠭᠦᠯᠵᠦ᠂ ︽ᠭᠤᠷᠪᠠᠨ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ︾ ᠠᠯᠬᠤᠴᠠ ᠶᠢ | ᠲᠦᠷᠭᠡᠳᠬᠡᠵᠦ᠂ ︽ᠳᠦᠷᠪᠡᠨ ᠶᠡᠭᠡ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠬᠤ ᠪᠠᠷ ᠬᠦᠴᠦᠯᠡᠨ | ᠴᠢᠷᠮᠠᠶᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠡᠷᠡᠰ ᠣᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠪᠠ᠃ | ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.2% ᠣᠷᠴᠢᠮ | ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 16% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠨᠡᠮᠡᠭᠳᠡᠯ ᠥᠷᠲᠡᠭ ᠢ 16% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠪᠠᠷ ᠨᠡᠮᠡᠭᠳᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.2% ᠪᠠ 8. | 3% ᠣᠷᠴᠢᠮ ᠨᠡᠮᠡᠭᠳᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3. | 9% ᠶᠢᠨ ᠳᠣᠲᠣᠷ᠎ᠠ ᠬᠢᠵᠠᠭᠠᠷᠯᠠᠪᠠ᠃ | | | ᠣᠷᠴᠢᠭᠤᠯᠣᠭᠴᠢ᠄ ᠰᠣᠷᠭᠤᠭ | | |