ᠰᠢᠩ ᠾᠧ ᠰᠢᠶᠠᠨ ᠨᠢ 2020 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠰᠦᠭᠡᠯᠡᠭᠰᠡᠨ ᠬᠠᠷᠠᠯᠲᠠ ᠶᠢ ᠲᠣᠭᠲᠠᠭᠠᠪᠠ
ᠨᠡᠶᠢᠲᠡᠯᠡᠭᠰᠡᠨ ᠴᠠᠭ᠄
2020-03-23
     2020 ᠣᠨ ᠳᠤ᠂ ᠰᠢᠩ ᠾᠧ ᠰᠢᠶᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤ‌‍ᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠋᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠠᠳᠬᠤᠵᠤ᠂ ᠠᠵᠤ ᠦᠢᠯᠡᠰ ᠢ ᠬᠥᠭᠵᠢᠭᠦᠯᠵᠦ᠂ ︽ᠭᠤᠷᠪᠠᠨ ᠣ‌‍ᠷᠣᠨ ᠢ ᠬᠠᠮᠲᠤ ᠪᠠᠷ ᠪᠦᠲᠦᠭᠡᠨ ᠪᠠᠶᠢᠭᠤᠯᠬᠤ︾ ᠠᠯᠬᠤᠴᠠ ᠶᠢ ᠲᠦᠷᠭᠡᠳᠬᠡᠵᠦ᠂ ︽ᠳᠦᠷᠪᠡᠨ ᠶᠡᠭᠡ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠬᠤ ᠪᠠᠷ ᠬᠦᠴᠦᠯᠡᠨ ᠴᠢᠷᠮᠠᠶᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠡᠷᠡᠰ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠪᠠ᠃      ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.2% ᠣᠷᠴᠢᠮ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 16% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠢ 16% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠪᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.2% ᠪᠠ 8.3% ᠣᠷᠴᠢᠮ ᠨᠡᠮᠡᠭᠳᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.9% ᠶᠢᠨ ᠳᠣᠲᠣᠷ᠎ᠠ ᠬᠢᠵᠠᠭᠠᠷᠯᠠᠪᠠ᠃                                                     ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3