ᠰᠢᠶᠠᠨ ᠤ ᠴᠠᠭ ᠠᠭᠤᠷ ᠤᠨ ᠲᠣᠪᠴᠢᠶ᠎ᠠ ᠠᠴᠠ ︽3.23 ᠳᠡᠯᠡᠬᠡᠶ ᠶᠢᠨ ᠴᠠᠭ ᠠᠭᠤᠷ ᠤᠨ ᠡᠳᠦᠷ︾᠎ ᠤᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2020-03-25
     2020 ᠣᠨ ᠤ ᠳᠡᠯᠡᠬᠡᠶ ᠶᠢᠨ ᠴᠠᠭ ᠠᠭᠤᠷ ᠤᠨ ᠡᠳᠦᠷ ᠪᠣᠯᠤᠨ ᠳᠡᠯᠡᠬᠡᠶ ᠶᠢᠨ ᠤᠰᠤᠨ ᠤ ᠡᠳᠦᠷ ᠤᠨ ᠬᠠᠮᠲᠤ ᠶᠢᠨ ᠭᠤᠤᠯ ᠰᠡᠳᠦᠪ ᠪᠣᠯ ︽ᠠᠭᠤᠷ ᠠᠮᠢᠰᠬᠤᠯ ᠪᠣᠯᠤᠨ ᠤᠰᠤ︾ ᠪᠣᠯᠤᠨ᠎ᠠ᠃ ᠲᠡᠭᠦᠨ ᠤ ᠭᠤᠤᠯᠳᠠᠯᠭ᠎ᠠ ᠨᠢ ᠨᠠᠩ ᠵᠣᠬᠢᠴᠠᠩᠭᠤᠶ᠂ ᠨᠠᠩ ᠦᠷᠭᠦᠯᠵᠢᠯᠡᠭᠦᠶᠢᠴᠡ ᠠᠷᠭ᠎ᠠ ᠮᠠᠶ᠋ᠢᠭ ᠢᠶᠠᠷ ᠠᠭᠤᠷ ᠠᠮᠢᠰᠬᠤᠯ ᠪᠠ ᠤᠰᠤᠨ ᠤ ᠡᠬᠢ ᠪᠠᠶᠠᠯᠢᠭ ᠢ ᠡᠵᠡᠮᠳᠡᠬᠦ ᠪᠣᠯᠣᠨ᠎ᠠ᠃ ᠤᠴᠢᠷ ᠨᠢ ᠠᠭᠤᠷ ᠠᠮᠢᠰᠬᠤᠯ ᠪᠠ ᠤᠰᠤ ᠬᠤᠶᠠᠷ ᠤᠨ ᠬᠠᠷᠢᠴᠠᠭ᠎ᠠ ᠪᠣᠯ ᠰᠠᠯᠵᠤ ᠪᠣᠯᠤᠰᠢ ᠥᠬᠡᠶ ᠪᠠᠶᠢᠵᠦ᠂ ᠲᠡᠳᠡᠭᠡᠷ ᠨᠢ ᠴᠥᠮ ᠦᠷᠭᠦᠯᠵᠢᠯᠡᠭᠦᠶᠢᠴᠡ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠪᠠ ᠭᠠᠶ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠵᠡᠷᠭᠡ ᠪᠦᠬᠦ ᠪᠥᠮᠪᠥᠷᠴᠡᠭ ᠤᠨ ᠬᠠᠷᠠᠯᠲᠠ ᠶᠢᠨ ᠭᠤᠤᠯᠯᠠᠬᠤ ᠪᠠᠶᠢᠷᠢᠨ ᠳᠤ ᠣᠷᠣᠰᠢᠵᠤ ᠪᠠᠶᠢᠨ᠎ᠠ᠃      ᠲᠤᠰ ᠵᠢᠯ ᠤᠨ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠬᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠲᠣᠪᠴᠢᠶ᠎ᠠ ᠨᠢ ᠡᠨᠡ ᠵᠢᠯ ᠣᠨᠴᠠᠭᠠᠶᠢᠯᠠᠨ ︽ᠠᠭᠤᠷ ᠠᠮᠢᠰᠬᠤᠯ ᠪᠣᠯᠤᠨ ᠤᠰᠤ᠂ ᠪᠢ ᠪᠣᠯᠤᠨ ᠴᠠᠭ ᠠᠭᠤᠷ︾ ᠭᠡᠬᠦ ᠭᠤᠤᠯ ᠰᠡᠳᠦᠪ ᠢᠶᠠᠷ ᠰᠦᠯᠵᠢᠶᠡᠨ ᠳᠡᠭᠡᠷ᠎ᠡ ᠤᠬᠠᠭᠤᠯᠬᠤ ᠠᠵᠢᠯ ᠢ ᠦᠷᠨᠢᠭᠦᠯᠵᠦ᠂ ᠰᠦᠯᠵᠢᠶᠡᠨ ᠳᠡᠭᠡᠷ᠎ᠡ ᠴᠠᠭ ᠠᠭᠤᠷ ᠤᠨ ᠮᠡᠳᠡᠯᠭᠡ ᠶᠢ ᠲᠦᠭᠡᠮᠡᠯᠵᠢᠭᠦᠯᠵᠦ᠂ ᠭᠤᠤᠯ ᠰᠡᠳᠦᠪᠲᠦ ᠱᠠᠩᠨᠠᠯ ᠲᠠᠢ ᠴᠤᠭᠯᠠᠭᠤᠯᠬᠤ ᠵᠡᠷᠭᠡ ᠠᠵᠢᠯᠯᠠᠭ᠎ᠠ ᠶᠢ ᠲᠣᠬᠢᠷᠠᠭᠤᠯᠵᠣ᠂ ᠵᠣᠷᠢᠯᠭ᠎ᠠ ᠨᠢ ᠥᠷᠭᠡᠨ ᠤᠯᠠᠨ ᠬᠤᠳᠠ ᠶᠢᠨ ᠠᠷᠠᠳ ᠤᠨ ᠴᠠᠭ ᠠᠭᠤᠷ ᠤᠨ ᠲᠣᠬᠠᠢ ᠤᠬᠠᠮᠰᠠᠷ᠂ ᠠᠭᠤᠷ ᠠᠮᠢᠰᠬᠤᠯ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠪᠤᠢ ᠪᠣᠯᠭᠠᠵᠤ᠂ ᠴᠠᠭ ᠠᠭᠤᠷ᠂ ᠠᠭᠤᠷ ᠠᠮᠢᠰᠬᠤᠯ ᠠᠴᠠ ᠪᠣᠯᠣᠭᠰᠠᠨ ᠲᠣᠶᠢᠯ ᠤᠨ ᠬᠡᠷᠡᠭ ᠤᠨ ᠬᠤᠤᠷ ᠬᠥᠨᠥᠭᠡᠯ ᠢ ᠪᠠᠭᠠᠰᠬᠠᠬᠤ ᠶᠢᠨ ᠲᠥᠯᠥᠭᠡ ᠶᠤᠮ      ᠲᠣᠰ ᠤᠳᠠᠭᠠᠨ ᠤ 3.23 ᠴᠠᠭ ᠠᠭᠤᠷ ᠤᠨ ᠡᠳᠦᠷ ᠤᠨ ᠤᠬᠠᠭᠤᠯᠭ᠎ᠠ ᠶᠢᠨ ᠠᠵᠢᠯ ᠢᠶᠠᠷ ᠳᠠᠮᠵᠢᠨ᠂ ᠴᠠᠭ ᠠᠭᠤᠷ ᠤᠨ ᠲᠣᠬᠠᠢ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠣᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠭᠤᠯᠤᠭᠰᠠᠨ ᠪᠠᠶᠢᠨ᠎ᠠ᠃                                                        ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3