ᠮᠠᠨ ᠤ ᠰᠢᠶᠠᠨ ᠨᠢ ᠤᠳᠬ᠎ᠠ ᠤᠷᠠᠯᠢᠭ ᠤᠨ ᠪᠦᠲᠦᠭᠡᠯ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020-03-05
     ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠰᠢᠩ ᠾᠧ ᠰᠢᠶᠠᠨ ᠨᠢ ᠤᠳᠬ᠎ᠠ ᠤᠷᠠᠯᠢᠭ ᠤᠨ ᠥᠪᠡᠷᠮᠢᠴᠡ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠤ ᠣᠮᠤᠭ ᠵᠣᠷᠢᠭ᠂ ᠵᠣᠷᠢᠭ ᠰᠠᠨᠠᠭ᠎ᠠ ᠶᠢ ᠬᠥᠪᠴᠢᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠪᠠᠶᠢᠯᠳᠤᠭᠠᠨ ᠤ ᠢᠯᠠᠯᠲᠠ ᠶᠢᠨ ᠲᠣᠭᠤᠷᠢᠨ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠪᠠ ᠤᠯᠠᠮᠵᠢᠯᠠᠨ ᠳᠡᠯᠭᠡᠷᠡᠭᠦᠯᠬᠦ ᠠᠵᠢᠯ ᠢ ᠭᠦᠨᠵᠡᠭᠡᠶ ᠥᠷᠨᠢᠭᠦᠯᠪᠡ᠃ ᠰᠢᠩ ᠾᠧ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠲᠤ ᠰᠠᠨᠠᠭᠠᠴᠢᠯᠠᠭ᠎ᠠ ᠭᠠᠷᠭᠠᠵᠤ᠂ ᠤᠳᠬ᠎ᠠ ᠤᠷᠠᠯᠢᠭ ᠢᠶᠠᠷ ᠠᠴᠢᠶᠠᠯᠠᠪᠤᠷᠢ ᠪᠣᠯᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠨᠡᠮᠡᠪᠡ᠃     ᠲᠤᠰ ᠤᠳᠠᠭᠠᠨ ᠤ ᠰᠠᠨᠠᠭᠠᠴᠢᠯᠠᠭ᠎ᠠ ᠶᠢᠨ ᠠᠵᠢᠯᠯᠠᠭ᠎ᠠ ᠨᠢ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠤᠨ ᠬᠠᠯᠠᠭᠤᠨ ᠬᠦᠷᠢᠶᠡᠯᠡᠯ ᠢ ᠣᠯᠵᠤ᠂ ᠪᠦᠬᠦ ᠰᠢᠶᠠᠨ ᠤ ᠤᠳᠬ᠎ᠠ ᠤᠷᠠᠯᠢᠭ ᠤᠨ ᠠᠵᠢᠯᠲᠠᠳ ᠲᠡᠷᠡ ᠳᠠᠷᠤᠢ ᠳᠤᠨᠢ ᠵᠣᠬᠢᠶᠠᠨ ᠪᠦᠲᠦᠭᠡᠵᠦ᠂ ᠨᠢᠭᠡᠳᠦᠭᠡᠷ ᠹᠷᠣᠨᠲ ᠳᠤ ᠠᠵᠢᠯᠯᠠᠵᠤ ᠪᠠᠶᠢᠭ᠎ᠠ ᠡᠮᠴᠢ ᠰᠣᠪᠢᠯᠠᠭᠴᠢᠳ ᠤᠨ ᠡᠷᠡᠯᠬᠡᠭ ᠪᠠᠭᠠᠲᠣᠷᠯᠢᠭ ᠵᠣᠷᠢᠭ ᠰᠠᠨᠠᠭ᠎ᠠ ᠶᠢ ᠮᠠᠭᠲᠠᠨ ᠳᠠᠭᠤᠯᠠᠵᠤ᠂ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠢ ᠢᠯᠠᠨ ᠳᠠᠪᠠᠭ᠋ᠤ ᠢᠲᠡᠭᠡᠯ ᠵᠣᠷᠢᠭ ᠢ ᠨᠢ ᠬᠦᠪᠴᠢᠯᠡᠵᠦ᠂ ᠬᠥᠮᠦᠨ ᠤ ᠶᠢᠷᠲᠢᠨᠴᠦ ᠶᠢᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠡᠳᠡᠭᠡᠷ ᠬᠦᠴᠦᠨ ᠴᠢᠳᠠᠯ ᠢᠶᠠᠨ ᠨᠢᠭᠲᠠᠷᠠᠭᠤᠯᠵᠣ᠂ ᠪᠡᠷᠬᠡ ᠶᠢ ᠬᠠᠮᠲᠤ ᠪᠠᠷ ᠲᠤᠭᠤᠯᠤᠭᠰᠠᠨ ᠵᠣᠬᠢᠶᠠᠯ ᠪᠦᠲᠦᠭᠡᠯ ᠨᠢ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠤᠨ ᠬᠠᠷᠢᠭᠤᠴᠠᠯᠭ᠎ᠠ ᠡᠭᠦᠷᠭᠡᠯᠡᠬᠦ᠂ ᠡᠬᠡ ᠤᠯᠤᠰ ᠲᠠᠢ ᠪᠠᠨ ᠬᠤᠪᠢ ᠵᠠᠶᠠᠭ᠎ᠠ ᠪᠠᠨ ᠬᠠᠮᠲᠤᠳᠬᠠᠬᠤ ᠵᠣᠷᠢᠭ ᠰᠠᠨᠠᠭ᠎ᠠ ᠶᠢ ᠭᠦᠢᠴᠡᠳ ᠲᠤᠰᠬᠠᠭᠰᠠᠨ ᠪᠠᠶᠢᠨ᠎ᠠ᠃
ᠵᠣᠬᠢᠶᠠᠨ ᠪᠦᠳᠦᠭᠡᠭᠴᠢ᠄ ᠯᠢ ᠼᠦᠢ ᠫᠢᠩ᠂ ᠰᠢᠩ ᠾᠧ ᠰᠢᠶᠠᠨ ᠤ ᠤᠷᠠᠨ ᠪᠢᠴᠢᠯᠭᠡ ᠶᠢᠨ ᠨᠡᠶᠢᠭᠡᠮᠯᠢᠭ ᠤᠨ ᠲᠡᠷᠢᠭᠦᠯᠡᠭᠴᠢ
ᠵᠣᠬᠢᠶᠠᠨ ᠪᠦᠳᠦᠭᠡᠭᠴᠢ᠄ ᠰᠢᠤᠢ ᠬᠠᠶ ᠪᠥᠸᠧ᠂ ᠰᠢᠩ ᠾᠧ ᠰᠢᠶᠠᠨ ᠤ ᠤᠷᠠᠨ ᠵᠢᠷᠤᠭ ᠤᠨ ᠨᠡᠶᠢᠭᠡᠮᠯᠢᠭ ᠤᠨ ᠭᠡᠰᠢᠭᠦᠨ                                                          ᠣᠷᠴᠢᠭᠤᠯᠣᠭᠴᠢ᠄ ᠰᠣᠷᠭᠤᠭ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3