| | ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠥᠭᠡᠳ ᠪᠦᠳᠦᠮᠵᠢᠲᠠᠢ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ | ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠲᠤᠬᠠᠶ ᠣᠶᠢᠯᠠᠭᠠᠯᠲᠠ ᠪᠠ ᠰᠡᠷᠭᠡᠶᠢᠯᠡᠯᠲᠡ ᠶᠢᠨ ᠮᠡᠳᠡᠯᠭᠡ ᠶᠢ | ᠨᠡᠮᠡᠭᠳᠡᠭᠦᠯᠬᠦ ᠶᠢᠨ ᠲᠥᠯᠥᠭᠡ᠂ ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ | ︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ | ᠳᠡᠪᠲᠡᠷ︾ ᠢ ᠳᠠᠷᠤᠮᠠᠯᠯᠠᠨ᠂ ᠳᠡᠭᠡᠳᠦ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ | ᠬᠠᠮᠵᠢᠯᠴᠠᠵᠤ᠂ 2020 ᠣᠨ ᠤ 3 ᠰᠠᠷ᠎ᠠ ᠶᠢᠨ 3 ᠤ ᠡᠳᠦᠷ ᠠᠴᠠ ᠡᠬᠢᠯᠡᠨ ᠪᠥᠬᠦ ᠲᠠᠯ᠎ᠠ ᠶᠢᠨ ᠠᠵᠢᠯᠯᠠᠭ᠎ᠠ ᠶᠢ | ᠬᠢᠵᠦ᠂ ᠤᠬᠠᠭᠤᠯᠭ᠎ᠠ ᠶᠢᠨ ᠳᠡᠪᠲᠡᠷ ᠢ ᠡᠬᠢᠯᠡᠨ ᠲᠠᠷᠬᠠᠭᠠᠪᠠ᠃ | ᠲᠣᠰ ᠤᠬᠠᠭᠤᠯᠭ᠎ᠠ ᠶᠢᠨ ᠳᠡᠪᠲᠡᠷ ᠨᠢ ᠵᠢᠷᠤᠭ ᠥᠰᠥᠭ ᠢ ᠬᠠᠪᠰᠣᠷᠭᠠᠨ ᠲᠢᠲᠢᠮᠯᠢᠭ ᠸᠢᠷᠦ᠋ᠰ ᠤᠨ | ᠰᠡᠷᠭᠡᠶᠢᠯᠡᠨ ᠡᠵᠡᠮᠳᠡᠬᠦ ᠮᠡᠳᠡᠯᠭᠡ ᠶᠢ ᠲᠥᠬᠦᠮ ᠣᠶᠢᠯᠠᠭᠠᠮᠵᠢᠲᠠᠶ ᠲᠠᠶᠢᠯᠪᠤᠷᠢᠯᠠᠨ᠂ ᠨᠠᠩ ᠰᠢᠨᠵᠢᠯᠡᠬᠦ ᠤᠬᠠᠭᠠᠨᠴᠢ | ᠪᠥᠭᠡᠳ ᠪᠦᠲᠦᠮᠵᠢᠲᠡᠶ ᠪᠠᠷ ᠣᠯᠠᠨ ᠲᠦᠮᠡᠨ ᠤ ᠰᠡᠳᠬᠢᠯ ᠢ ᠨᠢᠭᠡᠳᠬᠡᠵᠦ ᠬᠦᠴᠦ ᠶᠢ ᠬᠠᠮᠲᠣᠳᠬᠠᠵᠣ᠂ ᠬᠠᠮᠲᠦ ᠪᠠᠷ ︽ | ᠬᠢᠵᠢᠭ︾ ᠢ ᠰᠡᠷᠭᠡᠶᠢᠯᠡᠬᠦ ᠢᠲᠡᠭᠡᠯ ᠵᠣᠷᠢᠭ ᠢ ᠨᠢ ᠬᠦᠪᠴᠢᠯᠡᠪᠡ᠃ | | | ᠣᠷᠴᠢᠭᠤᠯᠣᠭᠴᠢ᠄ ᠰᠣᠷᠭᠤᠭ | | |