ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠪᠠ
ᠨᠡᠶᠢᠲᠡᠯᠡᠭᠰᠡᠨ ᠴᠠᠭ᠄
2020-03-09
     ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠥᠭᠡᠳ ᠪᠦᠳᠦᠮᠵᠢᠲᠠᠢ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠲᠤᠬᠠᠶ ᠣᠶᠢᠯᠠᠭᠠᠯᠲᠠ ᠪᠠ ᠰᠡᠷᠭᠡᠶᠢᠯᠡᠯᠲᠡ ᠶᠢᠨ ᠮᠡᠳᠡᠯᠭᠡ ᠶᠢ ᠨᠡᠮᠡᠭᠳᠡᠭᠦᠯᠬᠦ ᠶᠢᠨ ᠲᠥᠯᠥᠭᠡ᠂ ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾ ᠢ ᠳᠠᠷᠤᠮᠠᠯᠯᠠᠨ᠂ ᠳᠡᠭᠡᠳᠦ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ 2020 ᠣᠨ ᠤ 3 ᠰᠠᠷ᠎ᠠ ᠶᠢᠨ 3 ᠤ ᠡᠳᠦᠷ ᠠᠴᠠ ᠡᠬᠢᠯᠡᠨ ᠪᠥᠬᠦ ᠲᠠᠯ᠎ᠠ ᠶᠢᠨ ᠠᠵᠢᠯᠯᠠᠭ᠎ᠠ ᠶᠢ ᠬᠢᠵᠦ᠂ ᠤᠬᠠᠭᠤᠯᠭ᠎ᠠ ᠶᠢᠨ ᠳᠡᠪᠲᠡᠷ ᠢ ᠡᠬᠢᠯᠡᠨ ᠲᠠᠷᠬᠠᠭᠠᠪᠠ᠃      ᠲᠣᠰ ᠤᠬᠠᠭᠤᠯᠭ᠎ᠠ ᠶᠢᠨ ᠳᠡᠪᠲᠡᠷ ᠨᠢ ᠵᠢᠷᠤᠭ ᠥᠰᠥᠭ ᠢ ᠬᠠᠪᠰᠣᠷᠭᠠᠨ ᠲᠢᠲᠢᠮᠯᠢᠭ ᠸᠢᠷᠦ᠋ᠰ ᠤᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠥᠬᠦᠮ ᠣᠶᠢᠯᠠᠭᠠᠮᠵᠢᠲᠠᠶ ᠲᠠᠶᠢᠯᠪᠤᠷᠢᠯᠠᠨ᠂ ᠨᠠᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠷ ᠣᠯᠠᠨ ᠲᠦᠮᠡᠨ ᠤ ᠰᠡᠳᠬᠢᠯ ᠢ ᠨᠢᠭᠡᠳᠬᠡᠵᠦ ᠬᠦᠴᠦ ᠶᠢ ᠬᠠᠮᠲᠣᠳᠬᠠᠵᠣ᠂ ᠬᠠᠮᠲᠦ ᠪᠠᠷ ︽ᠬᠢᠵᠢᠭ︾ ᠢ ᠰᠡᠷᠭᠡᠶᠢᠯᠡᠬᠦ ᠢᠲᠡᠭᠡᠯ ᠵᠣᠷᠢᠭ ᠢ ᠨᠢ ᠬᠦᠪᠴᠢᠯᠡᠪᠡ᠃                                                         ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3