︽ᠰᠢᠩ ᠾᠧ ᠰᠢᠶᠠᠨ ᠤ ᠬᠤᠩᠭᠤᠷ ᠴᠠᠭᠠᠰᠤ᠂ ᠬᠤᠩᠭᠤᠷ ᠵᠣᠭᠤᠰ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2020/4/1
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ᠄      ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠰᠢᠩ ᠾᠧ ᠰᠢᠶᠠᠨ ᠤ ᠬᠤᠩᠭᠤᠷ ᠴᠠᠭᠠᠰᠤ᠂ ᠬᠤᠩᠭᠤᠷ ᠵᠣᠭᠤᠰ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠵᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃      ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                          2020 ᠣᠨ ᠤ 4 ᠰᠠᠷ᠎ᠠ ᠶᠢᠨ 1᠎ ᠤ ᠡᠳᠦᠷ      ᠬᠤᠩᠭᠤᠷ ᠴᠠᠭᠠᠰᠤ᠂ ᠬᠤᠩᠭᠤᠷ ᠵᠣᠭᠤᠰ ᠵᠡᠷᠭᠡ ᠮᠤᠬᠤᠷ ᠪᠢᠰᠢᠷᠡᠯ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠵᠢᠭᠦᠯᠬᠦ ᠲᠥᠰᠦᠯ      ᠪᠣᠯᠪᠠᠰᠤᠨ ᠲᠠᠬᠢᠯᠭ᠎ᠠ ᠶᠢ ᠢᠳᠡᠪᠬᠢᠲᠡᠢ ᠰᠠᠨᠠᠭᠠᠴᠢᠯᠠᠨ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠣᠷᠣᠰᠢᠭᠤᠯᠭ᠎ᠠ ᠪᠠ ᠳᠠᠬᠢᠯᠭ᠎ᠠ ᠶᠢᠨ ᠪᠦᠳᠦᠭᠦᠯᠢᠭ ᠵᠠᠩ ᠳᠠᠳᠬᠠᠯ ᠢ ᠲᠠᠶᠠᠭᠳᠠᠵᠤ᠂ ᠬᠤᠲᠠ ᠶᠢᠨ ᠣᠷᠴᠢᠨ ᠲᠣᠭᠤᠷᠢᠨ ᠨᠢ ᠴᠡᠪᠡᠷᠰᠢᠭᠦᠯᠵᠦ᠂ ᠣᠶ ᠰᠢᠭᠤᠶ ᠨᠤᠲᠤᠭ ᠪᠡᠯᠴᠢᠭᠡᠷ ᠵᠡᠷᠭᠡ ᠭᠠᠯ ᠤᠨ ᠠᠶᠤᠯ ᠤᠨ ᠳᠠᠯᠳᠠ ᠭᠡᠮ ᠢ ᠪᠠᠭᠠᠰᠬᠠᠬᠤ ᠶᠢᠨ ᠬᠠᠮᠲᠤ ᠪᠤᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠵᠡᠶ᠃ ︽ᠬᠤᠩᠭᠤᠷ ᠴᠠᠭᠠᠰᠤ᠂ ᠬᠤᠩᠭᠤᠷ ᠵᠣᠭᠤᠰ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠬᠦ᠂ ᠪᠣᠷᠣᠯᠠᠭᠤᠯᠬᠤ᠂ ᠰᠢᠲᠠᠭᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠤᠯᠠᠭᠠᠨᠴᠠᠪ ᠤᠨ ᠵᠠᠰᠠᠭ ᠤᠨ ᠣᠷᠳᠣᠨ ᠤ ᠠᠯᠪᠠᠨ ᠭᠡᠷ ᠤᠨ ᠴᠠᠬᠢᠯᠭᠠᠨ ᠳᠠᠮᠵᠢᠭᠤᠯᠭ᠎ᠠ ᠲᠠᠷᠬᠠᠭᠠᠭᠰᠠᠨ ︹ 2020 ︺ 7 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃        ᠨᠢᠭᠡ᠂ ᠶᠡᠬᠡᠪᠡᠷ ᠤᠬᠠᠭᠤᠯᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ      ᠤᠯᠤᠰ ᠠᠴᠠ ᠪᠣᠯᠪᠠᠰᠤᠨ ᠤ ᠲᠠᠬᠢᠯᠭ᠎ᠠ ᠪᠠ ᠪᠣᠯᠪᠠᠰᠤᠨ ᠢ ᠣᠯᠠᠨ ᠵᠢᠯ ᠣᠷᠣᠰᠢᠭᠤᠯᠬᠤ ᠶᠢ ᠰᠠᠨᠠᠭᠠᠴᠢᠯᠠᠵᠤ᠂ ᠭᠡᠪᠡᠴᠦ ᠬᠠᠩᠰᠢ ᠶᠢᠨ ᠡᠳᠦᠷ ᠪᠠ ᠪᠢᠯᠢᠭ ᠤᠨ ᠤᠯᠠᠷᠢᠯ ᠤᠨ ᠳᠣᠯᠣᠳᠤᠭᠠᠷ ᠰᠠᠷ᠎ᠠ ᠶᠢᠨ ᠠᠷᠪᠠᠨ ᠲᠠᠪᠤᠨ᠂ ᠠᠷᠪᠠᠨ ᠰᠠᠷ᠎ᠠ ᠶᠢᠨ ᠨᠢᠭᠡᠳᠦᠭᠡᠷ ᠵᠡᠷᠭᠡ ᠶᠢᠨ ᠦᠶ᠎ᠡ ᠪᠠᠷ ᠡᠯ᠎ᠡ ᠰᠢᠶᠠᠩ ᠪᠠᠯᠭᠠᠰᠤ ᠳᠤ ᠬᠤᠩᠭᠤᠷ ᠴᠠᠭᠠᠰᠤ᠂ ᠬᠤᠩᠭᠤᠷ ᠵᠤᠭᠤᠰ`᠂ ᠴᠠᠭᠠᠰᠤᠨ ᠬᠠᠳᠬᠤᠭᠤᠷ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠮᠠᠭᠤ ᠵᠠᠩ ᠤᠶᠢᠯᠡᠳᠤᠯ ᠲᠠᠢ᠃ ᠲᠠᠬᠢᠯᠭ᠎ᠠ ᠪᠠ ᠣᠷᠣᠰᠢᠭᠤᠯᠭ᠎ᠠ ᠶᠢᠨ ᠳᠤᠮᠳᠠ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠰᠢᠲᠠᠭᠠᠵᠤ᠂ ᠡᠬᠢ ᠪᠠᠶᠠᠯᠢᠭ ᠢ ᠪᠦᠷᠢᠯᠭᠡᠬᠦ ᠪᠠᠷ ᠪᠠᠷᠠᠬᠤ ᠦᠭᠡᠢ ᠪᠠᠰᠠ ᠠᠭᠠᠷ ᠮᠠᠨᠳᠠᠯ ᠤᠨ ᠶᠠᠰᠤ ᠴᠢᠨᠠᠷ ᠢ ᠨᠥᠯᠥᠭᠡᠯᠡᠵᠦ᠂ ᠠᠭᠠᠷ ᠤᠨ ᠪᠣᠬᠢᠷᠲᠤᠯ ᠢ ᠪᠣᠢ ᠪᠣᠯᠭᠠᠵᠤ᠂ ᠢᠯᠠᠩᠭᠤᠶ᠎ᠠ ᠣᠢ ᠰᠢᠭᠤᠢ ᠨᠤᠲᠤᠭ ᠪᠡᠯᠴᠢᠭᠡᠷ ᠵᠡᠷᠭᠡ ᠡᠯ᠎ᠡ ᠲᠥᠷᠥᠯ ᠤᠨ ᠭᠠᠯ ᠲᠦᠢᠮᠡᠷ ᠤᠨ ᠠᠳᠡᠯ ᠢ ᠠᠮᠠᠷᠬᠠᠨ ᠡᠭᠦᠰᠭᠡᠳᠡᠭ᠃ ᠵᠢᠯ ᠪᠦᠷᠢ ᠶᠢᠨ ᠬᠠᠩᠰᠢ ᠶᠢᠨ ᠡᠮᠦᠨ᠎ᠡ ᠬᠤᠶᠢᠨ᠎ᠠ᠂ ᠡᠯ᠎ᠡ ᠰᠢᠶᠠᠩ ᠪᠠᠯᠭᠠᠰᠤᠨ ᠳᠤ ᠴᠥᠮ ᠴᠠᠭᠠᠰᠤ ᠰᠢᠲᠠᠭᠠᠬᠤ ᠲᠠᠬᠢᠯᠭ᠎ᠠ ᠠᠴᠠ ᠪᠣᠯᠤᠭᠰᠠᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠳᠡᠯ ᠭᠠᠷᠴᠤ᠂ ᠠᠮᠢ ᠠᠬᠤᠢ ᠶᠢᠨ ᠲᠥᠷᠥᠯ ᠵᠤᠶᠢᠯ ᠤᠨ ᠣᠷᠣᠨ ᠤ ᠣᠢ ᠰᠢᠭᠤᠶ ᠡᠪᠡᠰᠦ ᠪᠤᠯᠤᠨ ᠠᠮᠢ ᠠᠬᠤᠢ ᠶᠢᠨ ᠣᠷᠴᠢᠨ ᠲᠣᠭᠤᠷᠢᠨ ᠬᠦᠨᠳᠦ ᠨᠣᠴᠢᠲᠠᠶ ᠡᠪᠳᠡᠭᠳᠡᠭᠰᠡᠨ ᠵᠢᠴᠢ ᠬᠦᠨᠳᠦ ᠶᠡᠭᠡ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠷᠭᠡᠨ ᠣᠯᠠᠨ ᠬᠤᠲᠠ ᠶᠢᠨ ᠠᠷᠠᠳ ᠢ ᠣᠷᠣᠰᠢᠭᠤᠯᠭ᠎ᠠ ᠶᠢᠨ ᠶᠠᠪᠤᠳᠠᠯ ᠢ ᠰᠢᠢᠳᠪᠤᠷᠢᠯᠡᠬᠦ ᠶᠢ ᠰᠠᠨᠠᠭᠠᠴᠢᠯᠠᠵᠤ᠂ ᠪᠣᠯᠪᠠᠰᠤᠨ ᠠᠷᠪᠢᠴᠢ ᠭᠠᠮᠲᠠᠶ ᠳᠦᠷᠢᠮ ᠲᠣᠭᠲᠠᠭᠠᠯ ᠢ ᠵᠢᠷᠤᠮᠯᠠᠵᠠᠶ᠃ ᠤᠯᠠᠨ ᠨᠡᠶᠢᠲᠡ ᠶᠢᠨ ᠡᠮᠬᠢ ᠵᠢᠷᠤᠮ ᠢ ᠬᠠᠷᠰᠢᠯᠠᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠪᠣᠯᠬᠤ ᠦᠭᠡᠢ᠃ ᠬᠠᠩᠰᠢ ᠶᠢᠨ ᠡᠳᠦᠷ ᠵᠡᠷᠭᠡ ᠴᠠᠭ ᠤᠯᠠᠷᠢᠯ ᠤᠨ ᠳᠠᠬᠢᠯᠭ᠎ᠠ ᠳᠤ ᠮᠣᠳᠣ ᠲᠠᠷᠢᠬᠤ᠂ ᠰᠣᠷᠭᠤᠭ ᠴᠡᠴᠡᠭ᠂ ᠲᠣᠤᠷ ᠰᠦᠯᠵᠢᠶ᠎ᠡ ᠵᠡᠷᠭᠡ ᠪᠣᠯᠪᠠᠰᠤᠨ ᠳᠣᠤᠷ᠎ᠠ ᠨᠡᠭᠦᠷᠡᠰᠦᠲᠥ᠋ᠷᠥᠭᠴᠢᠲᠦ ᠲᠠᠬᠢᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠨ᠎ᠡ᠃ ᠬᠡᠪ ᠵᠠᠩᠰᠢᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠬᠤᠩᠭᠤᠷᠴᠠᠭᠲᠤ ᠴᠠᠭᠠᠰᠤ ᠰᠢᠲᠠᠭᠠᠬᠤ᠂ ᠬᠤᠩᠭᠤᠷ ᠵᠣᠭᠤᠰ ᠰᠢᠲᠠᠭᠠᠬᠤ᠂ ᠴᠠᠭᠠᠰᠤᠨ ᠵᠣᠭᠤᠰ ᠰᠢᠲᠠᠭᠠᠬᠤ ᠵᠡᠷᠭᠡ ᠮᠠᠭᠤ ᠵᠠᠩ ᠳᠠᠳᠬᠠᠯ ᠪᠣᠯᠤᠨ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠲᠦᠢᠯᠪᠤᠷᠢᠲᠠᠶ ᠲᠠᠶᠠᠭᠳᠠᠵᠤ᠂ ᠣᠳᠣ ᠦᠶ᠎ᠡ ᠶᠢᠨ ᠣᠷᠣᠰᠢᠭᠤᠯᠭ᠎ᠠ ᠪᠣᠯᠤᠨ ᠲᠠᠬᠢᠯᠭ᠎ᠠ ᠶᠢᠨ ᠰᠢᠨ᠎ᠡ ᠣᠶᠢᠯᠠᠭᠠᠭᠳᠠᠬᠤᠨ ᠰᠢᠨ᠎ᠡ ᠬᠡᠪ ᠰᠤᠷᠲᠠᠯ ᠢ ᠲᠦᠷᠭᠡᠳᠬᠡᠨ ᠪᠤᠶᠢᠵᠢᠭᠤᠯᠤᠯᠨ᠎ᠠ᠃        ᠬᠤᠶᠠᠷ᠂ ᠨᠢᠭᠲᠠ ᠬᠠᠮᠵᠢᠯᠴᠠᠨ᠂ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ      ︵ᠨᠢᠭᠡ︶ ᠤᠶᠢᠯᠡᠳᠪᠤᠷᠢᠯᠡᠵᠤ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠬᠤᠩᠭᠤᠷ ᠴᠠᠭᠠᠰᠤ᠂ ᠬᠤᠩᠭᠤᠷ ᠵᠣᠭᠤᠰ᠂ ᠴᠠᠭᠠᠰᠤᠨ ᠤ ᠣᠳᠠᠰ ᠵᠡᠷᠭᠡ ᠲᠠᠬᠢᠯᠭ᠎ᠠ ᠶᠢᠨ ᠬᠡᠷᠡᠭᠰᠡᠯ ᠢ  ᠤᠶᠢᠯᠡᠳᠪᠤᠷᠢᠯᠡᠬᠦ᠂ ᠪᠣᠷᠣᠯᠠᠭᠤᠯᠬᠤ ᠶᠢ ᠴᠠᠭᠠᠵᠠᠯᠠᠨ᠎ᠠ᠃ ᠬᠤᠩᠭᠤᠷᠴᠠᠭᠲᠤ ᠴᠠᠭᠠᠰᠤ᠂ ᠬᠤᠩᠭᠤᠷ ᠵᠣᠭᠤᠰ᠂ ᠪᠠᠲᠤ ᠪᠠᠬᠢ ᠴᠠᠭᠠᠰᠤ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠵᠤ ᠪᠣᠯᠪᠠᠰᠤᠷᠠᠭᠤᠯᠬᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠬᠦᠴᠦᠨ ᠦᠭᠡᠶ ᠪᠣᠯᠭᠠᠬᠤ ᠬᠡᠷᠡᠭᠲᠡᠶ᠃ ᠶᠠᠮᠠᠷᠪᠠ ᠬᠥᠮᠦᠨ ᠡᠭᠦᠳᠡᠨ ᠳᠡᠯᠭᠡᠭᠦᠷ᠂ ᠵᠠᠮ ᠤᠨ ᠬᠠᠵᠠᠭᠤ ᠵᠡᠷᠭᠡ ᠭᠠᠵᠠᠷ ᠣᠷᠣᠨ ᠳᠤ ᠬᠤᠩᠭᠤᠷ ᠴᠠᠭᠠᠰᠤ᠂ ᠬᠤᠩᠭᠤᠷ ᠵᠣᠭᠤᠰ᠂ ᠪᠠᠲᠤ ᠪᠠᠬᠢ ᠴᠠᠭᠠᠰᠤ ᠵᠡᠷᠭᠡ ᠹᠧᠣᠳᠠᠯ ᠤᠨ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠪᠤᠷᠤᠭᠤᠯᠠᠬᠤ ᠶᠢ ᠴᠠᠭᠠᠵᠠᠯᠠᠨ᠎ᠠ᠃ ᠭ᠋‍‌ᠬᠤᠩᠭᠤᠷ ᠴᠠᠭᠠᠰᠤ᠂ ᠬᠤᠩᠭᠤᠷ ᠵᠣᠭᠤᠰ᠂ ᠪᠠᠲᠤ ᠪᠠᠬᠢ ᠴᠠᠭᠠᠰᠤ ᠵᠡᠷᠭᠡ ᠹᠧᠣᠳᠠᠯ ᠤᠨ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠤᠷᠢᠶᠠᠨ ᠠᠪᠬᠤ ᠬᠡᠷᠡᠭᠲᠡᠶ᠃ ᠬᠤᠷᠢᠶᠠᠵᠤ ᠠᠪᠤᠭᠰᠠᠨ ᠪᠤᠢ ᠪᠦᠬᠦᠢ ᠬᠤᠩᠭᠤᠷ ᠴᠠᠭᠠᠰᠤ᠂ ᠬᠤᠩᠭᠤᠷ ᠵᠣᠭᠤᠰ᠂ ᠯᠠᠪᠳᠠᠭᠤᠨ ᠪᠠᠲᠤᠲᠠᠶ ᠴᠠᠭᠠᠰᠤ ᠵᠡᠷᠭᠡ ᠶᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠤᠷ ᠦᠭᠡᠢᠳᠡᠭᠦᠯᠦᠨ ᠤᠰᠠᠳᠬᠠᠬᠤ ᠠᠵᠢᠯ ᠢ ᠵᠣᠬᠢᠶᠠᠨ ᠪᠠᠶᠢᠭᠤᠯᠤᠯᠨ᠎ᠠ᠃         ︵ᠬᠤᠶᠠᠷ︶ ᠰᠢᠲᠠᠭᠠᠵᠤ ᠲᠠᠬᠢᠯᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠤᠯᠠᠰᠢᠨ ᠭᠠᠵᠠᠷ᠂ ᠵᠠᠮ᠂ ᠠᠭᠤᠳᠠᠮ ᠲᠠᠯᠠᠪᠠᠢ᠂ ᠤᠯᠠᠨ ᠨᠡᠶᠢᠲᠡ ᠶᠢᠨ ᠨᠣᠭᠤᠭᠠᠨ ᠭᠠᠵᠠᠷ᠂ ᠰᠠᠭᠤᠭᠠᠯᠢ ᠠᠷᠠᠳ ᠤᠨ ᠲᠤᠭᠤᠷᠢᠭ᠂ ᠴᠡᠴᠡᠷᠯᠢᠭ ᠵᠡᠷᠭᠡ ᠶᠠᠮᠠᠷᠪᠠ ᠵᠠᠳᠠᠭᠠᠶ ᠲᠠᠯᠠᠪᠤᠷ ᠲᠤ ᠪᠤᠯᠠᠰᠢᠨ ᠴᠠᠭᠠᠰᠤ᠂ ᠵᠣᠭᠤᠰᠣᠨ ᠵᠣᠭᠤᠰ ᠵᠡᠷᠭᠡ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠠᠭᠠᠵᠠᠯᠠᠨ᠎ᠠ᠃ ᠳᠡᠭᠡᠷᠡᠬᠢ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠲᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ᠂ ᠠᠮᠢ ᠠᠬᠤᠶ ᠣᠷᠴᠢᠨ ᠲᠣᠭᠤᠷᠢᠨ᠂ ᠣᠢ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠢᠳᠬᠠᠨ ᠬᠤᠷᠢᠭᠯᠠᠬᠤ ᠪᠠ ᠬᠤᠷᠢᠭᠯᠠᠬᠤ ᠬᠡᠷᠡᠭᠲᠡᠶ᠃ ᠶᠠᠮᠠᠷᠪᠠ ᠬᠤᠪᠢ ᠬᠥᠮᠦᠨ ᠬᠤᠩᠭᠤᠷ ᠴᠠᠭᠠᠰᠤ᠂ ᠬᠤᠩᠭᠤᠷ ᠵᠣᠭᠤᠰ ᠰᠢᠲᠠᠭᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠂ ᠲᠡᠷᠡᠴᠢᠯᠡᠨ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ ︵ᠢᠯᠡᠴᠢᠯᠡᠨ ᠮᠡᠳᠡᠭᠦᠯᠬᠦ ᠤᠲᠠᠰᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ 0474 — 7212556 ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ 0474 — 7212178︶᠃       ︵ᠭᠤᠷᠪᠠ︶ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠲᠡᠭᠡᠭᠡᠪᠦᠷᠢᠯᠡᠬᠦ ᠶᠢ ᠴᠠᠭᠠᠵᠠᠯᠠᠨ᠎ᠠ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤ ᠬᠤᠩᠭᠤᠷ ᠴᠠᠭᠠᠰᠤ᠂ ᠬᠤᠩᠭᠤᠷ ᠵᠣᠭᠤᠰ᠂ ᠪᠠᠲᠤ ᠪᠠᠬᠢ ᠴᠠᠭᠠᠰᠤ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠬᠦ᠂ ᠪᠣᠷᠣᠯᠠᠭᠤᠯᠬᠤ ᠳᠤ ᠲᠡᠭᠡᠭᠡᠪᠦᠷᠢ ᠶᠢᠨ ᠲᠡᠷᠭᠡ ᠬᠥᠰᠬᠡ ᠬᠠᠩᠭᠠᠬᠤ ᠶᠢ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠬᠢᠯᠭ᠎ᠠ ᠶᠢᠨ ᠬᠡᠷᠡᠭᠰᠡᠯ ᠲᠡᠭᠡᠭᠡᠪᠦᠷᠢᠯᠡᠬᠦ ᠲᠡᠷᠭᠡ ᠬᠥᠰᠬᠡ ᠶᠢ ᠴᠢᠩᠭ᠎ᠠ ᠪᠠᠶᠢᠴᠠᠭᠠᠬᠤ ᠬᠡᠷᠡᠭᠲᠡᠶ      ᠭᠤᠷᠪᠠ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ      ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠡᠪ ᠵᠠᠩᠰᠢᠯ ᠢ ᠥᠭᠡᠷᠡᠴᠢᠯᠡᠬᠦ ᠪᠠ ᠬᠠᠮᠢᠶ᠎ᠠ ᠪᠦᠬᠦᠢ ᠠᠵᠢᠯ ᠳᠤ ᠤᠳᠤᠷᠢᠳᠬᠤ ᠳᠤᠭᠤᠶᠢᠯᠠᠩ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠳᠤᠭᠤᠶᠢᠯᠠᠩ ᠤᠨ ᠪᠦᠷᠢᠯᠳᠦᠬᠦᠨ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠶᠠᠩ ᠵᠧᠨ ᠳ᠋ᠦᠩ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠶᠠᠩ ᠢᠦᠶ ᠱᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ      ᠭᠡᠰᠢᠭᠦᠨ᠄ ᠬᠤᠸᠠᠩ ᠮᠤᠤ ᠱᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠸᠠᠩ ᠸᠧᠨ ᠵᠢᠶᠧ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠰᠦᠨ ᠵᠢᠶᠠᠩ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ      ᠵᠤᠤ ᠵᠢᠶᠠᠨ ᠰᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠶᠠᠩ ᠰᠢᠤᠸᠠᠢ ᠪᠢᠩ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ      ᠯᠢᠦ ᠵᠢᠶᠦ᠋ᠨ ᠢ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ      ᠵᠢᠶᠠ ᠵᠢᠶᠠᠨ ᠴᠢᠨ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ      ᠦ᠋ ᠴᠧᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ      ᠶᠠᠨ ᠴᠠᠩ ᠰᠢᠶᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ      ᠵᠠᠩ ᠡᠯ ᠳ᠋ᠦᠩ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ      ᠵᠠᠩ ᠰᠢᠶᠣᠤ ᠬᠤᠩ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ      ᠵᠠᠩ ᠶᠦᠩ ᠭᠠᠩ ᠭᠠᠯ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ      ᠮᠠ ᠨᠢᠩ ᠰᠠᠶᠢᠨ ᠤᠰᠤ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ      ᠡᠤ ᠪᠢᠨ ᠳ᠋ᠡ ᠺᠦ᠋ ᠯᠢᠶᠠᠨ ᠰᠢᠶᠠᠩ ᠤᠨ ᠳᠠᠷᠤᠭ᠎ᠠ      ᠵᠢᠶᠠ ᠫᠧᠶ ᠱᠧᠩ ᠴᠧᠩ ᠭᠤᠸᠠᠨ ᠪᠠᠯᠭᠠᠰᠤᠨ ᠤ ᠳᠠᠷᠤᠭ᠎ᠠ      ᠵᠠᠩ ᠭᠤᠸᠠᠩ ᠡᠤ ᠬᠥ᠋ ᠴᠢᠤᠸᠠᠨ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ      ᠪᠦᠦ ᠸᠧᠨ ᠰᠢ ᠦᠨᠳᠦᠰᠦᠲᠡᠨ ᠤ ᠪᠦᠯᠬᠦᠮᠳᠡᠯ ᠰᠢᠶᠠᠩ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ       ᠬᠤᠤ ᠶᠠᠨ ᠵᠢᠶᠦ᠋ᠨ ᠳ᠋ᠡ ᠲᠦᠩ ᠶᠣᠣ ᠰᠢᠶᠠᠩ ᠤᠨ ᠳᠠᠷᠤᠭ᠎ᠠ      ᠼᠦᠢ ᠳ᠋ᠦᠸᠧ ᠡᠷᠳᠡᠨᠢ ᠪᠠᠯᠭᠠᠰᠤᠨ ᠤ ᠳᠠᠷᠤᠭ᠎ᠠ      ᠸᠠᠩ ᠯᠢᠨ ᠳ᠋ᠢᠶᠠᠨ ᠽᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ      ᠸᠠᠩ ᠯᠦ ᠵᠠᠩ ᠭᠤᠤ ᠪᠠᠯᠭᠠᠰᠤᠨ ᠤ ᠳᠠᠷᠤᠭ᠎ᠠ      ︵ᠬᠤᠶᠠᠷ︶ ᠲᠥᠪᠯᠡᠷᠡᠭᠦᠯᠦᠨ ᠢᠯᠭᠠᠷᠠᠭᠤᠯᠤᠨ ᠪᠠᠶᠢᠴᠠᠭᠠᠵᠤ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠧᠨ ᠳ᠋ᠦᠩ ᠨᠥᠬᠦᠷ ᠲᠦᠷᠦᠭᠦᠯᠡᠨ ᠬᠢᠵᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠠᠷᠠᠳ ᠤᠨ ᠶᠠᠪᠤᠳᠠᠯ᠂ ᠣᠶ ᠰᠢᠭᠤᠶ ᠡᠪᠡᠰᠦ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠡᠰᠡᠭ ᠳᠤᠭᠤᠶᠢᠯᠠᠩ ᠬᠤᠪᠢᠶᠠᠨ ᠬᠠᠩᠰᠢ ᠶᠢᠨ ᠡᠳᠦᠷ ᠠᠴᠠ ᠡᠮᠦᠨ᠎ᠡ ᠨᠢᠭᠡ ᠤᠳᠠᠭᠠᠨ ᠤ ᠬᠤᠩᠭᠤᠷ ᠴᠠᠭᠠᠰᠤ᠂ ᠬᠤᠩᠭᠤᠷ ᠵᠣᠭᠤᠰ᠂ ᠯᠠᠪᠳᠠᠭᠤᠨ ᠪᠠᠲᠤᠲᠠᠶ ᠴᠠᠭᠠᠰᠤ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠲᠥᠪᠯᠡᠷ ᠡᠭᠦᠯᠦᠨ ᠪᠠᠶᠢᠴᠠᠭᠠᠨ ᠵᠠᠰᠠᠬᠤ ᠠᠵᠢᠯᠯᠠᠭ᠎ᠠ ᠥᠷᠨᠢᠭᠦᠯᠵᠦ᠂ ᠢᠯᠡᠷᠡᠭᠦᠯᠦᠭᠰᠡᠨ ᠪᠣᠯᠪᠠᠰᠤᠨ ᠪᠤᠰᠤ ᠲᠠᠬᠢᠯᠭ᠎ᠠ ᠳᠠᠬᠢᠯᠭ᠎ᠠ ᠶᠢᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠪᠠᠨ ᠬᠤᠷᠢᠭᠯᠠᠨ ᠵᠣᠭᠰᠣᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠨᠢ ᠪᠠᠶᠢᠴᠠᠭᠠᠨ ᠵᠠᠰᠠᠬᠤ ᠵᠣᠬᠢᠴᠠᠩᠭᠤᠶ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠰ ᠰᠢᠶᠠᠩ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠲᠥᠰᠦᠯ ᠲᠣᠭᠲᠠᠭᠠᠵᠤ᠂ ᠰᠢᠶᠠᠩ ᠪᠠᠯᠭᠠᠰᠤᠨ ᠤ ᠳᠠᠷᠤᠭ᠎ᠠ ᠲᠦᠷᠦᠭᠦᠯᠡᠨ ᠬᠢᠵᠦ᠂ ᠠᠷᠠᠳ ᠤᠨ ᠶᠠᠪᠤᠳᠠᠯ ᠤᠨ ᠭᠠᠵᠠᠷ᠂ ᠢᠳᠡᠭᠡᠨ ᠤ ᠵᠤᠶᠢᠯ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠳᠤᠲᠤᠷᠠᠬᠢ ᠢᠯᠭᠠᠷᠠᠭᠤᠯᠤᠨ ᠪᠠᠶᠢᠴᠠᠭᠠᠵᠤ ᠵᠠᠰᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠭᠤᠷᠪᠠ︶ ᠴᠣᠬᠢᠯᠲᠠ ᠥᠭᠴᠦ ᠲᠣᠷᠭᠠᠬᠤ ᠡᠷᠴᠢᠮ ᠢ ᠴᠢᠩᠭᠠᠷᠠᠭᠤᠯᠤᠨ᠎ᠠ᠃ ᠲᠣᠰ ᠮᠡᠳᠡᠭᠳᠡᠯ ᠠᠴᠠ ᠵᠥᠷᠢᠴᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ ᠭᠦᠢᠴᠡᠳᠭᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠠᠮᠤᠷ ᠢ ᠬᠠᠮᠠᠭᠠᠯᠠᠬᠤ ᠬᠠᠮᠢᠶ ᠠᠷᠤᠯᠲᠠ ᠶᠢᠨ ᠰᠢᠢᠳᠭᠡᠯ ᠤᠨ ᠬᠠᠤᠯᠢ︾᠎ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ︔ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠡᠯ᠂ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠠᠴᠠ ︽ᠭᠠᠯ ᠰᠡᠷᠭᠡᠶᠢᠯᠡᠨ ᠤᠨᠲᠠᠷᠠᠭᠠᠬᠤ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠤᠷᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠡᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠰᠢᠯᠵᠢᠭᠦᠯᠦᠨ ᠲᠤᠰᠢᠶᠠᠵᠤ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠳᠥᠷᠪᠡᠨ︶ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠧᠯᠸᠢᠰ᠂ ᠰᠣᠨᠢᠨ᠂ ᠷᠠᠳᠢᠣ᠋ ᠨᠡᠪᠲᠡᠷᠡᠭᠦᠯᠭᠡ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠦᠯᠵᠢᠶ᠎ᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠵᠡᠷᠭᠡᠪᠡᠷ ᠤᠬᠠᠭᠤᠯᠵᠤ᠂ ᠪᠣᠯᠪᠠᠰᠤᠨ ᠪᠤᠰᠤ ᠲᠠᠬᠢᠯᠭ᠎ᠠ  ᠬᠢᠬᠦ ᠶᠢ ᠴᠠᠭᠠᠵᠠᠯᠠᠬᠤ ᠮᠡᠳᠡᠭᠳᠡᠯ ᠤᠨ ᠵᠣᠷᠢᠭ ᠰᠠᠨᠠᠭ᠎ᠠ ᠶᠢ ᠬᠤᠲᠠ ᠬᠥᠳᠡᠭᠡ ᠶᠢᠨ ᠡᠷᠦᠬᠡ ᠪᠦᠷᠢ ᠳᠤ ᠤᠬᠠᠭᠤᠯᠵᠤ᠂ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠮᠡᠳᠡᠬᠦ .      ︵ᠲᠠᠪᠤ︶ ᠰᠢᠮᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠮᠦᠰ ᠢ ᠵᠣᠬᠢᠶᠠᠨ ᠪᠠᠶᠢᠭᠤᠯᠵᠤ᠂ ᠬᠢᠨᠠᠨ ᠵᠢᠯᠣᠭᠤᠳᠴᠤ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠰᠢᠶᠠᠨ ᠤ ᠬᠡᠪ ᠵᠠᠩᠰᠢᠯ ᠢ ᠥᠭᠡᠷᠡᠴᠢᠯᠡᠬᠦ ᠪᠣᠯᠪᠠᠰᠤᠨ ᠳᠠᠬᠢᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃                                                                                   ᠣᠷᠴᠢᠭᠤᠯᠤᠭᠴᠢ᠄ ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3