ᠮᠠᠨ ᠤ ᠰᠢᠶᠠᠨ ᠨᠢ ᠠᠵᠤ ᠠᠬᠤᠶᠢᠯᠠᠯ ᠤᠨ ᠦᠶᠯᠡᠳᠪᠦᠷᠢᠯᠡᠯ ᠤᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠠᠬᠢᠭᠤᠯᠪᠠ
ᠨᠡᠶᠢᠲᠡᠯᠡᠭᠰᠡᠨ ᠴᠠᠭ᠄
2020-04-10
     ᠰᠢᠩ ᠾᠧ ᠰᠢᠶᠠᠨ ᠨᠢ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠶᠢᠨ ᠬᠠᠮᠲᠤ᠂ ᠠᠵᠤ ᠠᠬᠤᠶᠢᠯᠠᠯ ᠎ ᠤᠨ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠳᠤ ︽ᠬᠤᠶᠠᠷ ᠢ ᠠᠳᠬᠤᠬᠤ᠂ ᠬᠤᠶᠠᠷ ᠢ ᠰᠠᠭᠠᠲᠠᠭᠠᠬᠤ ᠥᠬᠡᠶ︾᠎ ᠶᠢ ᠦᠨᠡᠨ ᠬᠦ ᠪᠠᠲᠤᠯᠠᠪᠠ᠃      ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠱᠠᠭᠠᠷᠳᠠᠯᠭ᠎ᠠ ᠶᠣᠰᠣᠭᠠᠷ᠂ ᠰᠢᠩ ᠾᠧ ᠰᠢᠶᠠᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠠᠵᠤ ᠠᠬᠤᠶᠢᠯᠠᠯ ᠢ ᠬᠠᠪᠰᠤᠷᠤᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠠᠬᠢᠭᠤᠯᠪᠠ᠃ ᠠᠵᠤ ᠠᠬᠤᠶᠢᠯᠠᠯ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠬᠥᠮᠦᠨ ᠠᠮᠠ ᠬᠠᠷᠢᠴᠠᠩᠭᠤᠶ ᠎ ᠪᠠᠷ ᠨᠢᠭᠲᠠᠷᠠᠵᠤ᠂ ᠭᠠᠳᠠᠨ᠎ᠠ ᠣᠷᠣᠨ ᠤ ᠬᠥᠮᠦᠰ ᠵᠠᠯᠭᠠᠭ᠎ᠠ ᠪᠠᠷ ᠬᠤᠲᠠ ᠳᠤ ᠣᠷᠣᠵᠣ ᠠᠵᠢᠯ ᠤᠨ ᠪᠠᠶᠢᠷᠢ ᠳᠠᠭᠠᠨ ᠪᠤᠴᠠᠵᠤ ᠢᠷᠡᠬᠦ ᠳᠤ᠂ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠪᠣᠯ ᠠᠵᠤ ᠠᠬᠤᠶᠢᠯᠠᠯ ᠤᠨ ᠠᠵᠢᠯ ᠎ ᠤᠨ ᠭᠤᠤᠯᠳᠠᠯᠭ᠎ᠠ ᠪᠣᠯᠤᠨ᠎ᠠ᠃ ᠠᠵᠤ ᠠᠬᠤᠶᠢᠯᠠᠯ ᠢ ᠬᠠᠪᠰᠤᠷᠤᠨ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠰᠢᠶᠠᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠩ ᠸᠠᠩ ᠵᠢᠶᠤᠤ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠤᠷᠢᠳᠴᠢᠯᠠᠨ ᠣᠷᠣᠯᠴᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ᠂ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠤ ᠠᠬᠤᠶᠢᠯᠠᠯ ᠢ ᠵᠢᠯᠣᠭᠤᠳᠤᠨ ᠠᠶᠤᠯ ᠥᠬᠡᠶ ᠦᠶᠯᠡᠳᠪᠦᠷᠢᠯᠡᠯ ᠤᠨ ᠠᠵᠢᠯ ᠎ ᠤᠨ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠬᠠᠮᠢᠶᠠᠷᠤᠯᠲᠠ᠂ ᠵᠢᠯᠣᠭᠤᠳᠣᠯᠭ᠎ᠠ ᠪᠠ ᠦᠶᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠮᠤᠷ ᠲᠦᠪᠰᠢᠨ᠂ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠶᠢ ᠪᠠᠳᠣᠯᠠᠪᠠ᠃      ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠭᠤᠴᠢᠨ ᠬᠤᠶᠠᠷ ᠦᠢᠯᠡᠳᠪᠦᠷᠢᠯᠡᠯ ᠤᠨ ᠠᠵᠤ ᠠᠬᠤᠶᠢᠯᠠᠯ ᠨᠢ ᠠᠵᠢᠯ ᠢᠶᠠᠨ ᠰᠡᠷᠭᠦᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠨᠢ ᠠᠷᠪᠠᠨ ᠳᠦᠷᠪᠡ ᠪᠠᠶᠢᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠨᠢ ᠳᠦᠷᠪᠡ ᠪᠠᠶᠢᠪᠠ᠃                                                         ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3