| | | | | | ᠰᠢᠩ ᠾᠧ ᠰᠢᠶᠠᠨ ᠨᠢ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠶᠢᠨ ᠬᠠᠮᠲᠤ᠂ ᠠᠵᠤ ᠠᠬᠤᠶᠢᠯᠠᠯ | ᠤᠨ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠵᠤ | ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ | ᠰᠡᠷᠭᠦᠭᠡᠬᠦ ᠠᠵᠢᠯ ᠳᠤ ︽ᠬᠤᠶᠠᠷ ᠢ ᠠᠳᠬᠤᠬᠤ᠂ ᠬᠤᠶᠠᠷ ᠢ ᠰᠠᠭᠠᠲᠠᠭᠠᠬᠤ ᠥᠬᠡᠶ︾ ᠶᠢ ᠦᠨᠡᠨ ᠬᠦ ᠪᠠᠲᠤᠯᠠᠪᠠ᠃ | ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ | ᠱᠠᠭᠠᠷᠳᠠᠯᠭ᠎ᠠ ᠶᠣᠰᠣᠭᠠᠷ᠂ ᠰᠢᠩ ᠾᠧ ᠰᠢᠶᠠᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠦᠷᠢᠵᠢᠭᠤᠯᠵᠣ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠠᠵᠤ ᠠᠬᠤᠶᠢᠯᠠᠯ ᠢ ᠬᠠᠪᠰᠤᠷᠤᠨ | ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ | ᠠᠵᠢᠯ ᠢ ᠠᠬᠢᠭᠤᠯᠪᠠ᠃ ᠠᠵᠤ ᠠᠬᠤᠶᠢᠯᠠᠯ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠬᠥᠮᠦᠨ ᠠᠮᠠ ᠬᠠᠷᠢᠴᠠᠩᠭᠤᠶ | ᠪᠠᠷ ᠨᠢᠭᠲᠠᠷᠠᠵᠤ᠂ ᠭᠠᠳᠠᠨ᠎ᠠ ᠣᠷᠣᠨ ᠤ ᠬᠥᠮᠦᠰ ᠵᠠᠯᠭᠠᠭ᠎ᠠ ᠪᠠᠷ ᠬᠤᠲᠠ ᠳᠤ ᠣᠷᠣᠵᠣ ᠠᠵᠢᠯ ᠤᠨ ᠪᠠᠶᠢᠷᠢ ᠳᠠᠭᠠᠨ | ᠪᠤᠴᠠᠵᠤ ᠢᠷᠡᠬᠦ ᠳᠤ᠂ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠪᠣᠯ ᠠᠵᠤ ᠠᠬᠤᠶᠢᠯᠠᠯ ᠤᠨ ᠠᠵᠢᠯ | ᠤᠨ ᠭᠤᠤᠯᠳᠠᠯᠭ᠎ᠠ ᠪᠣᠯᠤᠨ᠎ᠠ᠃ ᠠᠵᠤ ᠠᠬᠤᠶᠢᠯᠠᠯ ᠢ ᠬᠠᠪᠰᠤᠷᠤᠨ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ | ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠰᠢᠶᠠᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠰᠢᠩ ᠸᠠᠩ ᠵᠢᠶᠤᠤ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠤᠷᠢᠳᠴᠢᠯᠠᠨ | ᠣᠷᠣᠯᠴᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ᠂ | ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠵᠣᠬᠢᠴᠠᠭᠤᠯᠤᠨ ᠰᠢᠶᠳᠪᠦᠷᠢᠯᠡᠵᠦ᠂ ᠠᠵᠤ ᠠᠬᠤᠶᠢᠯᠠᠯ ᠢ ᠵᠢᠯᠣᠭᠤᠳᠤᠨ ᠠᠶᠤᠯ ᠥᠬᠡᠶ ᠦᠶᠯᠡᠳᠪᠦᠷᠢᠯᠡᠯ ᠤᠨ ᠠᠵᠢᠯ | ᠤᠨ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ | ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ | ᠬᠠᠮᠢᠶᠠᠷᠤᠯᠲᠠ᠂ ᠵᠢᠯᠣᠭᠤᠳᠣᠯᠭ᠎ᠠ ᠪᠠ ᠦᠶᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠮᠤᠷ | ᠲᠦᠪᠰᠢᠨ᠂ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠶᠢ | ᠪᠠᠳᠣᠯᠠᠪᠠ᠃ | ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠭᠤᠴᠢᠨ ᠬᠤᠶᠠᠷ ᠦᠢᠯᠡᠳᠪᠦᠷᠢᠯᠡᠯ ᠤᠨ ᠠᠵᠤ ᠠᠬᠤᠶᠢᠯᠠᠯ ᠨᠢ | ᠠᠵᠢᠯ ᠢᠶᠠᠨ ᠰᠡᠷᠭᠦᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠨᠢ ᠠᠷᠪᠠᠨ | ᠳᠦᠷᠪᠡ ᠪᠠᠶᠢᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠨᠢ ᠳᠦᠷᠪᠡ ᠪᠠᠶᠢᠪᠠ᠃ | | | ᠣᠷᠴᠢᠭᠤᠯᠣᠭᠴᠢ᠄ ᠰᠣᠷᠭᠤᠭ | | | | |