2020 ᠣᠨ ᠤ ᠨᠢᠭᠡᠳᠦᠭᠡᠷ ᠤᠯᠠᠷᠢᠯ ᠤᠨ ᠰᠢᠩ ᠾᠧ ᠰᠢᠶᠠᠨ ᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020-04-13
     1 — 3 ᠰᠠᠷ᠎ᠠ ᠳᠤ᠂ ᠲᠦᠯᠦᠪᠯᠡᠭᠡ ᠪᠠᠷ ᠰᠢᠩ ᠾᠧ ᠰᠢᠶᠠᠨ ᠤ ᠪᠥᠬᠦ ᠰᠢᠶᠠᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠢ ᠥᠷᠲᠡᠭ ᠢ 7.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰ ᠲᠣᠰ ᠨᠢᠭᠡᠳᠦᠭᠡᠷ ᠠᠵᠤ ᠠᠬᠤᠶᠢᠯᠠᠯ ᠨᠢ 0.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠎ ᠠᠴᠠ 1.5%᠎ ᠪᠠᠷ ᠨᠡᠮᠡᠭᠳᠡᠪᠡ᠃ ᠬᠤᠶᠠᠳᠤᠭᠠᠷ ᠠᠵᠤ ᠠᠬᠤᠶᠢᠯᠠᠯ ᠨᠢ 3.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9%᠎ ᠪᠠᠷ ᠨᠡᠮᠡᠭᠳᠡᠪᠡ᠃ ᠭᠤᠷᠪᠠᠳᠤᠭᠠᠷ ᠠᠵᠤ ᠠᠬᠤᠶᠢᠯᠠᠯ ᠨᠢ 2.98 ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠪᠦᠷᠢᠯᠡᠯ ᠤᠨ ᠶᠡᠷᠦᠩᠬᠡᠶ ᠦᠷᠲᠡᠭ ᠢ 14.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7%᠎ ᠪᠠᠷ ᠨᠡᠮᠡᠭᠳᠡᠪᠡ᠃      ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 3.01 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.5%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠨᠢ 8.1 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠲᠣᠰ 8389 ᠲᠥᠭᠦᠷᠢᠭ ᠪᠠ 2093 ᠲᠥᠭᠦᠷᠢᠭ ᠢ ᠪᠡᠶᠡᠯᠡᠭᠦᠯᠪᠡ᠃ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠨᠢ 8953 ᠲᠥᠭᠦᠷᠢᠭ ᠬᠦᠷᠪᠡ᠃      3 ᠰᠠᠷ᠎ᠠ ᠳᠤ᠂ ᠰᠢᠩ ᠾᠧ ᠰᠢᠶᠠᠨ ᠤ ᠬᠡᠳᠦᠨ ᠵᠦᠶᠯ ᠤᠨ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠨᠢ ᠴᠥᠮ ᠨᠡᠮᠡᠭᠳᠡᠵᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠪᠦᠷᠢᠯᠡᠯ ᠎ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠡᠨᠡ ᠨᠢ ᠰᠢᠩ ᠾᠧ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠤ ᠠᠬᠤᠶ ᠶᠢᠨ ᠡᠷᠬᠢᠯᠲᠡ ᠲᠣᠭᠲᠠᠭᠤᠨ ᠢᠶᠠᠷ ᠶᠠᠪᠣᠭᠳᠠᠵᠣ᠂ ᠠᠵᠤ ᠠᠬᠤᠶᠢᠯᠠᠯ ᠤᠨ ᠦᠶᠯᠡᠳᠪᠦᠷᠢᠯᠡᠯ ᠨᠢ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃                                                         ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3