| | 1 — 3 ᠰᠠᠷ᠎ᠠ ᠳᠤ᠂ ᠲᠦᠯᠦᠪᠯᠡᠭᠡ ᠪᠠᠷ ᠰᠢᠩ ᠾᠧ ᠰᠢᠶᠠᠨ ᠤ ᠪᠥᠬᠦ ᠰᠢᠶᠠᠨ ᠤ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠢ ᠥᠷᠲᠡᠭ ᠢ 7.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰ ᠲᠣᠰ | ᠨᠢᠭᠡᠳᠦᠭᠡᠷ ᠠᠵᠤ ᠠᠬᠤᠶᠢᠯᠠᠯ ᠨᠢ 0.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 1.5% ᠪᠠᠷ ᠨᠡᠮᠡᠭᠳᠡᠪᠡ᠃ ᠬᠤᠶᠠᠳᠤᠭᠠᠷ ᠠᠵᠤ ᠠᠬᠤᠶᠢᠯᠠᠯ ᠨᠢ 3.65 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ ᠭᠤᠷᠪᠠᠳᠤᠭᠠᠷ ᠠᠵᠤ ᠠᠬᠤᠶᠢᠯᠠᠯ ᠨᠢ | 2.98 ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠦᠶᠯᠡᠳᠪᠦᠷᠢᠯᠡᠯ ᠤᠨ ᠶᠡᠷᠦᠩᠬᠡᠶ ᠦᠷᠲᠡᠭ ᠢ 14.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 3.01 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠨᠢ 8.1 ᠳ᠋ᠦᠩᠰᠢᠭᠤᠷ ᠲᠥᠭᠦᠷᠢᠭ ᠢ | ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠨᠢ ᠲᠣᠰ ᠲᠣᠰ 8389 ᠲᠥᠭᠦᠷᠢᠭ ᠪᠠ 2093 ᠲᠥᠭᠦᠷᠢᠭ ᠢ ᠪᠡᠶᠡᠯᠡᠭᠦᠯᠪᠡ᠃ ᠪᠠᠶᠢᠭᠤᠯᠭ᠎ᠠ ᠳᠤ | ᠠᠵᠢᠯᠯᠠᠵᠤ ᠪᠠᠶᠢᠭ᠎ᠠ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠨᠢ 8953 ᠲᠥᠭᠦᠷᠢᠭ ᠬᠦᠷᠪᠡ᠃ | 3 ᠰᠠᠷ᠎ᠠ ᠳᠤ᠂ ᠰᠢᠩ ᠾᠧ ᠰᠢᠶᠠᠨ ᠤ ᠬᠡᠳᠦᠨ ᠵᠦᠶᠯ ᠤᠨ ᠭᠤᠤᠯ ᠪᠣᠯᠬᠤ ᠠᠵᠤ ᠠᠬᠤᠶ ᠶᠢᠨ | ᠭᠦᠶᠴᠡᠳᠬᠡᠯ ᠲᠤᠭ᠎ᠠ ᠨᠢ ᠴᠥᠮ ᠨᠡᠮᠡᠭᠳᠡᠵᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠪᠦᠷᠢᠯᠡᠯ | ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠡᠨᠡ ᠨᠢ ᠰᠢᠩ ᠾᠧ ᠰᠢᠶᠠᠨ ᠤ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠤ | ᠠᠬᠤᠶ ᠶᠢᠨ ᠡᠷᠬᠢᠯᠲᠡ ᠲᠣᠭᠲᠠᠭᠤᠨ ᠢᠶᠠᠷ ᠶᠠᠪᠣᠭᠳᠠᠵᠣ᠂ ᠠᠵᠤ ᠠᠬᠤᠶᠢᠯᠠᠯ ᠤᠨ ᠦᠶᠯᠡᠳᠪᠦᠷᠢᠯᠡᠯ ᠨᠢ ᠲᠣᠭᠲᠠᠭᠤᠨ | ᠪᠠᠶᠢᠬᠤ ᠶᠢᠨ ᠵᠡᠷᠭᠡ ᠳᠤ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ | | | ᠣᠷᠴᠢᠭᠤᠯᠣᠭᠴᠢ᠄ ᠰᠣᠷᠭᠤᠭ |