ᠰᠢᠩ ᠾᠧ ᠰᠢᠶᠠᠨ ᠤ 2020 ᠣᠨ ᠳᠠᠬᠢ 3000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠣᠭᠰᠠᠨ ᠪᠠᠶᠢᠳᠠᠯ
ᠨᠡᠶᠢᠲᠡᠯᠡᠭᠰᠡᠨ ᠴᠠᠭ᠄
2020-04-16
     2020 ᠣᠨ ᠳᠤ ᠰᠢᠩ ᠾᠧ ᠰᠢᠶᠠᠨ ᠤ ᠬᠡᠷᠡᠭᠵᠢᠭᠦᠯᠦᠭᠰᠡᠨ 3000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠣᠯᠲᠠ ᠶᠢᠨ ᠲᠥᠷᠥᠯ ᠵᠦᠶᠯ ᠨᠢ ᠨᠡᠶᠢᠲᠡ 30 ᠪᠠᠶᠢᠵᠤ᠂ ᠡᠭᠦᠨ ᠳᠤ ᠲᠠᠷᠢᠶᠠᠯᠠᠩ ᠤᠨ ᠲᠥᠷᠥᠯ ᠵᠦᠶᠯ 8 ᠪᠠᠶᠢᠵᠦ᠂ ᠠᠵᠤ ᠦᠢᠯᠡᠳᠪᠦᠷᠢ ᠶᠢᠨ ᠲᠥᠷᠥᠯ ᠵᠦᠶᠯ 18 ᠪᠠᠶᠢᠵᠦ᠂ ᠵᠢᠭᠤᠯᠴᠢᠯᠠᠯ ᠤᠨ ᠲᠥᠷᠥᠯ ᠵᠦᠶᠯ 1 ᠪᠠᠶᠢᠵᠦ᠂ ᠰᠠᠭᠤᠷᠢ ᠲᠦᠬᠦᠭᠡᠷᠦᠮᠵᠢ ᠶᠢᠨ ᠲᠥᠷᠥᠯ ᠵᠦᠶᠯ 3 ᠪᠣᠶ᠃ ᠶᠡᠷᠦᠩᠬᠡᠶ ᠪᠠᠯᠠ ᠣᠷᠣᠭᠤᠯᠤᠯᠲᠠ ᠨᠢ 63.8 ᠳ᠋ᠦᠩᠰᠢᠭᠤᠷ ᠲᠥᠭᠦᠷᠢᠭ ᠲᠤ ᠬᠦᠷᠴᠦ᠂ 2019 ᠣᠨ ᠤ ᠡᠴᠦᠰ ᠪᠣᠯᠲᠠᠯ᠎ᠠ ᠨᠡᠶᠢᠲᠡ 11.697 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠡᠨᠡ ᠵᠢᠯ ᠳᠤ 31.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣᠬᠠᠨ ᠳᠤ᠂ ᠨᠢᠭᠡᠨᠲᠡ 1.275 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ 24 ᠪᠠᠶᠢᠵᠦ᠂ ᠡᠭᠦᠨ ᠳᠤ ᠲᠠᠷᠢᠶᠠᠯᠠᠩ ᠤᠨ ᠲᠥᠷᠥᠯ ᠵᠦᠶᠯ 8 ᠪᠠᠶᠢᠵᠦ᠂ ᠠᠵᠤ ᠦᠶᠯᠡᠳᠪᠦᠷᠢ ᠶᠢᠨ ᠲᠥᠷᠥᠯ ᠵᠦᠶᠯ 12 ᠪᠠᠶᠢᠵᠦ᠂ ᠵᠢᠭᠤᠯᠴᠢᠯᠠᠯ ᠤᠨ ᠲᠥᠷᠥᠯ ᠵᠦᠶᠯ 1 ᠪᠠᠶᠢᠵᠦ ᠂ ᠰᠠᠭᠤᠷᠢ ᠲᠦᠬᠦᠭᠡᠷᠦᠮᠵᠢ ᠶᠢᠨ ᠲᠦᠷᠦᠯ ᠵᠦᠶᠯ 3 ᠪᠠᠶᠢᠨ᠎ᠠ᠃ ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠲᠥᠷᠥᠯ ᠵᠦᠶᠯ 6 ᠪᠠᠶᠢᠵᠤ᠂ ᠴᠥᠮ ᠠᠵᠤ ᠦᠶᠯᠡᠳᠪᠦᠷᠢ ᠶᠢᠨ ᠲᠥᠷᠥᠯ ᠵᠦᠶᠯ ᠪᠣᠯᠤᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠶᠯ 12 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 23.19 ᠳ᠋ᠦᠩᠰᠢᠭᠤᠷ ᠲᠤ ᠬᠦᠷᠴᠦ᠂ ᠡᠨᠡ ᠵᠢᠯ ᠳᠤ 13.29 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 0.305 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠦᠷᠭᠦᠯᠵᠢᠯᠡᠨ ᠪᠠᠶᠢᠭᠤᠯᠬᠤ ᠲᠥᠷᠥᠯ ᠵᠦᠶᠯ 18 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 40.61 ᠳ᠋ᠦᠩᠰᠢᠭᠤᠷ ᠲᠥᠭᠦᠷᠢᠭ ᠲᠤ ᠬᠦᠷᠴᠦ᠂ 2019 ᠣᠨ ᠤ ᠡᠴᠦᠰ ᠪᠣᠯᠲᠠᠯ᠎ᠠ᠂ ᠨᠡᠶᠢᠲᠡ 11.697 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠣᠯᠲᠠ ᠶᠢ ᠪᠡᠶᠡᠯᠡᠭᠦᠯᠵᠦ᠂ ᠡᠨᠡ ᠵᠢᠯ ᠳᠤ 18.61 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 0.97 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃      ᠡᠳᠦᠭᠡ ᠪᠣᠯᠲᠠᠯ᠎ᠠ᠂ ᠰᠢᠩ ᠾᠧ ᠰᠢᠶᠠᠨ ᠠᠵᠢᠯ ᠡᠬᠢᠯᠡᠭᠦᠯᠦᠭᠰᠡᠨ ᠲᠦᠷᠦᠯ ᠵᠦᠢᠯ ᠨᠢ ᠨᠡᠶᠢᠲᠡ 14 ᠪᠠᠶᠢᠵᠦ᠂ ᠲᠠᠷᠢᠶᠠᠯᠠᠩ ᠤᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠢ 5 ᠪᠠᠶᠢᠵᠦ᠂ ᠠᠵᠤ ᠦᠶᠯᠡᠳᠪᠦᠷᠢ ᠎ ᠶᠢᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠢ 8 ᠪᠠᠶᠢᠵᠦ᠂ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠢ 1 ᠪᠠᠶᠢᠨ᠎ᠠ᠃ ᠡᠭᠦᠨ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠶᠯ ᠨᠢ 12 ᠪᠠᠶᠢᠵᠦ᠂ ᠲᠠᠷᠢᠶᠠᠯᠠᠩ ᠤᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠢ 4 ᠪᠠᠶᠢᠵᠦ᠂ ᠠᠵᠤ ᠦᠶᠯᠡᠳᠪᠦᠷᠢ ᠶᠢᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠢ 7 ᠪᠠᠶᠢᠵᠦ᠂ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠢ 1 ᠪᠠᠶᠢᠨ᠎ᠠ᠃ ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠶᠯ ᠨᠢ 2 ᠪᠠᠶᠢᠵᠦ᠂ ᠠᠵᠤ ᠦᠶᠯᠡᠳᠪᠦᠷᠢ ᠶᠢᠨ ᠲᠥᠷᠥᠯ ᠵᠦᠶᠯ 1᠂ ᠲᠠᠷᠢᠶᠠᠯᠠᠩ ᠤᠨ ᠲᠥᠷᠥᠯ ᠵᠦᠶᠯ 1 ᠪᠠᠶᠢᠨ᠎ᠠ᠃                                                          ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3