ᠮᠠᠨ ᠤ ᠰᠢᠶᠠᠨ ᠤ ᠬᠤᠪᠸᠢ ᠮᠣᠵᠢ ᠶᠢ ᠲᠣᠰᠠᠯᠠᠭᠰᠠᠨ ᠡᠮᠴᠢ ᠰᠤᠪᠢᠯᠠᠭᠴᠢ ᠶᠢᠨ ᠠᠩᠭᠢ ᠶᠢᠨ 5 ᠭᠡᠰᠢᠭᠦᠨ ᠎ ᠨᠢ ᠠᠮᠣᠷ ᠲᠦᠪᠰᠢᠨ ᠠᠮᠵᠢᠯᠲᠠ ᠲᠠᠢ ᠪᠠᠷ ᠪᠣᠴᠠᠨ ᠢᠷᠡᠪᠡ
ᠨᠡᠶᠢᠲᠡᠯᠡᠭᠰᠡᠨ ᠴᠠᠭ᠄
2020-04-17
     4 ᠰᠠᠷ᠎ᠠ ᠶᠢᠨ 16᠎ ᠤ ᠡᠳᠦᠷ᠂ ᠮᠠᠨ ᠤ ᠰᠢᠶᠠᠨ ᠤ ᠬᠤᠪᠸᠢ ᠮᠤᠵᠢ ᠶᠢ ᠲᠣᠰᠠᠯᠠᠬᠤ ᠡᠮᠴᠢ ᠰᠤᠪᠢᠯᠠᠭᠴᠢ ᠎ ᠶᠢᠨ ᠠᠩᠭᠢ ᠶᠢᠨ 5 ᠭᠡᠰᠢᠭᠦᠨ 14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠮᠠᠷᠠᠭᠤᠯᠣᠨ ᠴᠡᠭᠴᠡᠯᠡᠬᠦ ᠶᠠᠪᠣᠴᠠ ᠶᠢ ᠲᠠᠮᠵᠢᠨ ᠠᠮᠤᠷ ᠲᠦᠪᠰᠢᠨ ᠢᠶᠠᠷ ᠪᠤᠴᠠᠵᠤ ᠢᠷᠡᠪᠡ᠃ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠎ ᠤᠨ ᠭᠤᠣᠯ ᠤᠳᠤᠷᠢᠳᠣᠯᠭ᠎ᠠ ᠤᠳ ᠰᠢᠩ ᠾᠧ G6 ᠥᠨᠳᠥᠷ ᠬᠤᠷᠳᠤᠴᠠᠲᠤ ᠵᠠᠰᠠᠮᠠᠯ ᠵᠠᠮ ᠤᠨ ᠭᠠᠷᠴᠠ ᠳᠤ ᠬᠦᠷᠴᠦ ᠣᠭᠲᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠤᠨ ᠪᠦᠬᠦ ᠰᠢᠶᠠᠨ ᠤ 33 ᠲᠦᠮᠡᠨ ᠤᠯᠠᠨ ᠲᠦᠮᠡᠨ ᠢ ᠲᠥᠯᠥᠭᠡᠯᠡᠨ ᠢᠯᠠᠯᠲᠠ ᠲᠠᠢ ᠪᠠᠷ ᠪᠤᠴᠠᠵᠤ ᠢᠷᠡᠭᠰᠡᠨ ᠡᠮᠴᠢ ᠰᠤᠪᠢᠯᠠᠭᠴᠢ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠹᠦ᠋ ᠬᠠᠢ ᠴᠢᠩ ᠱᠦᠵᠢ ᠨᠡᠷ ᠰᠢᠩ ᠾᠧ G6 ᠥᠨᠳᠥᠷ ᠬᠤᠷᠳᠤᠴᠠᠲᠤ ᠵᠠᠰᠠᠮᠠᠯ ᠵᠠᠮ ᠤᠨ ᠭᠠᠷᠴᠠ ᠳᠤ ᠡᠷᠲᠡᠯᠡᠨ ᠬᠦᠯᠢᠶᠡᠵᠦ᠂ ᠰᠣᠷᠭᠤᠭ ᠴᠡᠴᠡᠭ ᠪᠡᠯᠡᠭᠯᠡᠨ᠂ ᠬᠠᠳᠠᠭ ᠢᠶᠠᠨ ᠡᠷᠭᠦᠭᠰᠡᠨ ᠪᠥᠭᠡᠳ ᠭᠡᠰᠢᠭᠦᠳ ᠲᠠᠢ ᠨᠢᠭᠡᠳ ᠨᠢᠭᠡ ᠪᠠᠷ ᠭᠠᠷ ᠠᠳᠬᠤᠪᠠ᠃
     4 ᠰᠠᠷ᠎ᠠ ᠶᠢᠨ 16᠎ ᠤ ᠡᠳᠦᠷ᠂ ᠴᠠᠭᠳᠠᠭᠠᠨ ᠲᠡᠷᠭᠡ ᠵᠠᠮ ᠨᠡᠭᠡᠭᠡᠵᠦ᠂ ᠬᠠᠷᠠᠩᠭ᠎ᠠ ᠬᠡᠩᠭᠡᠷᠭᠡ ᠳᠡᠯᠡᠳᠴᠦ᠂ ᠰᠢᠩ ᠾᠧ ᠰᠢᠶᠠᠨ ᠤ ᠬᠠᠮᠤᠭ ᠤᠨ ᠳᠡᠭᠡᠳᠦ ᠶᠣᠰᠣᠯᠠᠯ ᠢᠶᠠᠷ ᠢᠶᠠᠨ ᠬᠢᠵᠢᠭ ᠢ ᠡᠰᠡᠷᠭᠦᠴᠡᠭᠰᠡᠨ ᠪᠠᠭᠠᠲᠤᠷᠴᠤᠳ ᠤᠨ ᠠᠮᠤᠷ ᠲᠦᠪᠰᠢᠨ ᠢᠶᠠᠷ ᠪᠣᠴᠠᠨ ᠢᠷᠡᠬᠦ ᠶᠢ ᠪᠠᠶᠠᠷᠯᠠᠨ ᠣᠭᠲᠣᠪᠠ᠃      ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠮᠠᠨ ᠤ ᠰᠢᠶᠠᠨ ᠤ 5 ᠨᠡᠷ᠎ᠡ ᠡᠮᠴᠢ ᠰᠣᠪᠢᠯᠠᠭᠴᠢ ᠰᠠᠨᠠᠭᠠᠴᠢᠯᠠᠭ᠎ᠠ ᠠᠴᠠ ᠪᠠᠨ ᠬᠤᠪᠸᠢ ᠮᠣᠵᠢ ᠶᠢᠨ ᠦᠬᠠᠨ ᠬᠤᠲᠠ ᠳᠤ ᠬᠦᠷᠴᠦ ᠲᠣᠰᠠᠯᠠᠪᠠ᠃ ᠦᠬᠠᠨ ᠤ ᠶᠧᠦ ᠹᠦ᠋ ᠡᠮᠨᠡᠯᠭᠡ ᠶᠢᠨ ᠬᠤᠷᠢᠶᠠᠨ ᠤ ᠰᠢᠨ᠎ᠡ ᠶᠢᠰᠦᠳᠦᠭᠡᠷ ᠳᠠᠪᠬᠤᠷᠭ᠎ᠠ ᠶᠢᠨ ᠡᠪᠡᠳᠴᠢᠨ ᠤ ᠲᠣᠭᠤᠷᠢᠭ ᠲᠤ᠂ ᠲᠡᠳᠡ ᠨᠠᠷᠢᠯᠢᠭ ᠡᠮᠨᠡᠬᠦ ᠵᠠᠰᠠᠬᠤ ᠮᠡᠷᠭᠡᠵᠢᠯ ᠪᠠ ᠳᠣᠲᠣᠨᠣ ᠦᠶᠯᠡᠴᠢᠯᠡᠭᠡ ᠪᠠᠷ ᠪᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠣᠨᠣᠰᠢᠯᠠᠭᠰᠠᠨ 34 ᠨᠡᠷ᠎ᠡ ᠡᠪᠡᠳᠴᠢᠲᠡᠨ ᠢ ᠬᠦᠯᠢᠶᠡᠨ ᠠᠪᠴᠦ᠂ 34 ᠨᠡᠷ᠎ᠡ ᠡᠪᠡᠳᠴᠢᠲᠡᠨ ᠪᠦᠬᠦᠨ ᠢ ᠡᠮᠨᠡᠨ ᠵᠠᠰᠠᠵᠣ᠂ ᠡᠮᠨᠡᠨ ᠵᠠᠰᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠡᠮᠴᠢ ᠰᠤᠪᠢᠯᠠᠭᠴᠢ ᠶᠢᠨ ︽ᠬᠠᠯᠳᠠᠪᠤᠷᠢᠯᠠᠯ ᠥᠬᠡᠶ︾᠂ ᠠᠮᠤᠷ ᠲᠦᠪᠰᠢᠨ ᠤ ᠬᠠᠮᠢᠶᠠᠷᠤᠯᠲᠠ ᠶᠢᠨ ︽ᠠᠳᠡᠯ ᠥᠬᠡᠶ︾ ᠬᠢᠵᠢᠭ ᠢ ᠡᠰᠡᠷᠭᠦᠴᠡᠬᠦ ᠲᠣᠭᠲᠠᠭᠰᠠᠨ ᠬᠠᠷᠠᠯᠲᠠ ᠪᠠᠨ ᠪᠡᠶᠡᠯᠡᠭᠦᠯᠵᠡᠶ᠃  
     11 ᠴᠠᠭ 40 ᠮᠢᠨᠦ᠋ᠲ ᠲᠤ᠂ ᠰᠢᠨ ᠱᠢ ᠵᠢᠢ ᠠᠭᠤᠳᠠᠮ ᠲᠠᠯᠠᠪᠠᠢ ᠳᠤ ︽ᠰᠢᠩ ᠾᠧ ᠰᠢᠶᠠᠨ ᠤ ᠬᠤᠪᠸᠢ ᠎ ᠶᠢ ᠲᠣᠰᠠᠯᠠᠬᠤ ᠲᠠᠶᠢᠨ ᠳᠤ ᠬᠢᠵᠢᠭ ᠢ ᠡᠰᠡᠷᠭᠦᠴᠡᠭᠰᠡᠨ ᠪᠠᠭᠠᠲᠤᠷᠴᠤᠳ ᠢ ᠪᠠᠶᠠᠷᠯᠠᠨ ᠤᠭᠲᠤᠬᠤ ᠶᠣᠰᠣᠯᠠᠯ︾᠎ ᠢ ᠶᠠᠪᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠢ ᠶᠣᠰᠣᠯᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩ ᠶᠠᠷᠢᠶ᠎ᠠ ᠲᠠᠯᠪᠢᠵᠠᠢ᠃
     ᠡᠮᠴᠢ ᠰᠤᠪᠢᠯᠠᠭᠴᠢ ᠶᠢᠨ ᠲᠥᠯᠥᠭᠡᠯᠡᠭᠴᠢ ᠸᠠᠩ ᠰᠢᠶᠠ ᠶᠠᠷᠢᠶ᠎ᠠ ᠲᠠᠯᠪᠢᠬᠤ ᠳᠤ ᠪᠠᠨ᠂ ᠡᠮᠨᠡᠯᠭᠡ ᠶᠢᠨ ᠠᠵᠢᠯᠲᠠᠨ ᠪᠣᠯᠤᠭᠰᠠᠨ ᠤ ᠬᠤᠪᠢ ᠳᠤ᠂ ᠬᠤᠪᠸᠢ ᠶᠢ ᠲᠤᠰᠠᠯᠠᠵᠤ ᠬᠢᠵᠢᠭ ᠢ ᠡᠰᠡᠷᠭᠦᠴᠡᠬᠦ ᠳᠤ ᠬᠠᠷᠢᠭᠤᠴᠠᠯᠭ᠎ᠠ ᠬᠦᠨᠳᠦ ᠶᠡᠭᠡ ᠪᠠᠶᠢᠭᠰᠠᠨ ᠪᠦᠭᠡᠳ ᠡᠭᠦᠷᠭᠡ ᠴᠦ ᠢᠷᠠᠭᠤ ᠠᠯᠳᠠᠷᠲᠠᠶ ᠶᠤᠮ ᠭᠡᠵᠡᠶ᠃ ᠦᠬᠠᠨ ᠳᠤ ᠬᠦᠷᠦᠭᠰᠡᠨ ᠤ ᠳᠠᠷᠠᠭ᠎ᠠ᠂ ᠲᠡᠳᠡ ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠭᠦᠢᠴᠡᠳᠬᠡᠵᠦ᠂ ᠡᠨᠡ ᠤᠳᠠᠭᠠᠨ ᠤ ᠳᠠᠷᠢ ᠶᠢᠨ ᠤᠲᠤᠭ᠎ᠠ ᠦᠭᠡᠢ ᠳᠠᠶᠢᠨ ᠳᠤ ᠢᠯᠠᠯᠲᠠ ᠤᠯᠬᠤ ᠪᠠᠷ ᠬᠦᠴᠦᠯᠡᠨ ᠴᠢᠷᠮᠠᠶᠢᠪᠠ᠃ ᠲᠡᠳᠡ ᠬᠦᠴᠢᠷ ᠪᠡᠷᠬᠡ ᠶᠢ ᠰᠦᠷᠦᠨ ᠤᠷᠤᠭᠰᠢᠯᠠᠵᠤ᠂ ᠬᠦᠰᠡᠯ ᠡᠷᠡᠮᠡᠯᠵᠡᠯ ᠪᠠ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠦᠭᠡᠢ᠂ ᠪᠦᠬᠦ ᠬᠦᠴᠦ ᠪᠠᠷ ᠎ ᠢᠶᠠᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠵᠤ᠂ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤ ᠥᠪᠡᠷ ᠤᠨ ᠦᠴᠦᠬᠡᠨ ᠴᠦ ᠬᠡᠰᠡᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠬᠡᠶᠢᠯᠡᠪᠡ᠃      ᠹᠦ᠋ ᠬᠠᠢ ᠴᠢᠩ᠂ ᠡᠮᠴᠢ ᠰᠤᠪᠢᠯᠠᠭᠴᠢ ᠶᠢᠨ ᠠᠩᠭᠢ ᠶᠢᠨ ᠭᠡᠰᠢᠭᠦᠳ ᠢ ᠡᠨᠡ ᠬᠡᠰᠡᠭ ᠬᠤᠭᠤᠴᠠᠭᠠᠨ ᠳᠤ ᠰᠠᠶᠢᠲᠤᠷ ᠠᠮᠠᠷᠠᠯᠲᠠ ᠠᠪᠴᠦ᠂ ᠭᠡᠷ ᠤᠨ ᠬᠥᠮᠦᠰ ᠲᠡᠭᠡᠨ ᠢᠯᠡᠭᠦᠬᠡᠨ ᠬᠠᠨᠢ ᠪᠣᠯᠵᠦ᠂ ᠨᠡᠩ ᠢᠲᠡᠭᠡᠯ ᠳᠦᠭᠦᠷᠡᠩ ᠢᠶᠠᠷ ᠠᠵᠢᠯ ᠤᠨ ᠪᠠᠶᠢᠷᠢᠨ ᠳᠤ ᠪᠠᠨ ᠪᠣᠴᠠᠬᠤ ᠶᠢ ᠬᠦᠰᠡᠪᠡ᠃ ᠡᠭᠦᠨ ᠤ ᠬᠠᠮᠲᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠬᠤᠪᠸᠢ ᠶᠢ ᠲᠤᠰᠠᠯᠠᠬᠤ ᠡᠮᠴᠢ ᠰᠤᠪᠢᠯᠠᠭᠴᠢ ᠶᠢᠨ ᠠᠩᠭᠢ ᠶᠢᠨ ᠭᠡᠰᠢᠭᠦᠳ ᠠᠴᠠ ᠢᠳᠡᠪᠬᠢᠲᠡᠢ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠬᠤᠣᠰ ᠢᠯᠠᠯᠲᠠ︾᠎ ᠶᠢ ᠲᠡᠮᠡᠴᠡᠨ ᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃                                                      ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3