| | 4 ᠰᠠᠷ᠎ᠠ ᠶᠢᠨ 16 ᠤ ᠡᠳᠦᠷ᠂ ᠮᠠᠨ ᠤ ᠰᠢᠶᠠᠨ ᠤ ᠬᠤᠪᠸᠢ ᠮᠤᠵᠢ ᠶᠢ ᠲᠣᠰᠠᠯᠠᠬᠤ ᠡᠮᠴᠢ ᠰᠤᠪᠢᠯᠠᠭᠴᠢ | ᠶᠢᠨ ᠠᠩᠭᠢ ᠶᠢᠨ 5 ᠭᠡᠰᠢᠭᠦᠨ 14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠮᠠᠷᠠᠭᠤᠯᠣᠨ ᠴᠡᠭᠴᠡᠯᠡᠬᠦ | ᠶᠠᠪᠣᠴᠠ ᠶᠢ ᠲᠠᠮᠵᠢᠨ ᠠᠮᠤᠷ ᠲᠦᠪᠰᠢᠨ ᠢᠶᠠᠷ ᠪᠤᠴᠠᠵᠤ ᠢᠷᠡᠪᠡ᠃ ᠰᠢᠶᠠᠨ ᠤ ᠳᠦᠷᠪᠡᠨ ᠶᠡᠭᠡ ᠤᠳᠤᠷᠢᠳᠬᠤ ᠪᠠᠭ | ᠤᠨ ᠭᠤᠣᠯ ᠤᠳᠤᠷᠢᠳᠣᠯᠭ᠎ᠠ ᠤᠳ ᠰᠢᠩ ᠾᠧ G6 ᠥᠨᠳᠥᠷ ᠬᠤᠷᠳᠤᠴᠠᠲᠤ ᠵᠠᠰᠠᠮᠠᠯ ᠵᠠᠮ ᠤᠨ ᠭᠠᠷᠴᠠ ᠳᠤ | ᠬᠦᠷᠴᠦ ᠣᠭᠲᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠤᠨ ᠪᠦᠬᠦ ᠰᠢᠶᠠᠨ ᠤ | 33 ᠲᠦᠮᠡᠨ ᠤᠯᠠᠨ ᠲᠦᠮᠡᠨ ᠢ ᠲᠥᠯᠥᠭᠡᠯᠡᠨ ᠢᠯᠠᠯᠲᠠ ᠲᠠᠢ ᠪᠠᠷ ᠪᠤᠴᠠᠵᠤ ᠢᠷᠡᠭᠰᠡᠨ ᠡᠮᠴᠢ ᠰᠤᠪᠢᠯᠠᠭᠴᠢ ᠳᠤ | ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠹᠦ᠋ ᠬᠠᠢ ᠴᠢᠩ ᠱᠦᠵᠢ | ᠨᠡᠷ ᠰᠢᠩ ᠾᠧ G6 ᠥᠨᠳᠥᠷ ᠬᠤᠷᠳᠤᠴᠠᠲᠤ ᠵᠠᠰᠠᠮᠠᠯ ᠵᠠᠮ ᠤᠨ ᠭᠠᠷᠴᠠ ᠳᠤ ᠡᠷᠲᠡᠯᠡᠨ ᠬᠦᠯᠢᠶᠡᠵᠦ᠂ ᠰᠣᠷᠭᠤᠭ | ᠴᠡᠴᠡᠭ ᠪᠡᠯᠡᠭᠯᠡᠨ᠂ ᠬᠠᠳᠠᠭ ᠢᠶᠠᠨ ᠡᠷᠭᠦᠭᠰᠡᠨ ᠪᠥᠭᠡᠳ ᠭᠡᠰᠢᠭᠦᠳ ᠲᠠᠢ ᠨᠢᠭᠡᠳ ᠨᠢᠭᠡ ᠪᠠᠷ ᠭᠠᠷ ᠠᠳᠬᠤᠪᠠ᠃ | | | | | | | | | | | 4 ᠰᠠᠷ᠎ᠠ ᠶᠢᠨ 16 ᠤ ᠡᠳᠦᠷ᠂ ᠴᠠᠭᠳᠠᠭᠠᠨ ᠲᠡᠷᠭᠡ ᠵᠠᠮ ᠨᠡᠭᠡᠭᠡᠵᠦ᠂ ᠬᠠᠷᠠᠩᠭ᠎ᠠ ᠬᠡᠩᠭᠡᠷᠭᠡ ᠳᠡᠯᠡᠳᠴᠦ᠂ | ᠰᠢᠩ ᠾᠧ ᠰᠢᠶᠠᠨ ᠤ ᠬᠠᠮᠤᠭ ᠤᠨ ᠳᠡᠭᠡᠳᠦ ᠶᠣᠰᠣᠯᠠᠯ ᠢᠶᠠᠷ ᠢᠶᠠᠨ ᠬᠢᠵᠢᠭ ᠢ ᠡᠰᠡᠷᠭᠦᠴᠡᠭᠰᠡᠨ ᠪᠠᠭᠠᠲᠤᠷᠴᠤᠳ ᠤᠨ | ᠠᠮᠤᠷ ᠲᠦᠪᠰᠢᠨ ᠢᠶᠠᠷ ᠪᠣᠴᠠᠨ ᠢᠷᠡᠬᠦ ᠶᠢ ᠪᠠᠶᠠᠷᠯᠠᠨ ᠣᠭᠲᠣᠪᠠ᠃ | ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠮᠠᠨ ᠤ ᠰᠢᠶᠠᠨ ᠤ 5 ᠨᠡᠷ᠎ᠡ ᠡᠮᠴᠢ ᠰᠣᠪᠢᠯᠠᠭᠴᠢ | ᠰᠠᠨᠠᠭᠠᠴᠢᠯᠠᠭ᠎ᠠ ᠠᠴᠠ ᠪᠠᠨ ᠬᠤᠪᠸᠢ ᠮᠣᠵᠢ ᠶᠢᠨ ᠦᠬᠠᠨ ᠬᠤᠲᠠ ᠳᠤ ᠬᠦᠷᠴᠦ ᠲᠣᠰᠠᠯᠠᠪᠠ᠃ ᠦᠬᠠᠨ ᠤ ᠶᠧᠦ ᠹᠦ᠋ | ᠡᠮᠨᠡᠯᠭᠡ ᠶᠢᠨ ᠬᠤᠷᠢᠶᠠᠨ ᠤ ᠰᠢᠨ᠎ᠡ ᠶᠢᠰᠦᠳᠦᠭᠡᠷ ᠳᠠᠪᠬᠤᠷᠭ᠎ᠠ ᠶᠢᠨ ᠡᠪᠡᠳᠴᠢᠨ ᠤ ᠲᠣᠭᠤᠷᠢᠭ ᠲᠤ᠂ ᠲᠡᠳᠡ ᠨᠠᠷᠢᠯᠢᠭ | ᠡᠮᠨᠡᠬᠦ ᠵᠠᠰᠠᠬᠤ ᠮᠡᠷᠭᠡᠵᠢᠯ ᠪᠠ ᠳᠣᠲᠣᠨᠣ ᠦᠶᠯᠡᠴᠢᠯᠡᠭᠡ ᠪᠠᠷ ᠪᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ | ᠣᠨᠣᠰᠢᠯᠠᠭᠰᠠᠨ 34 ᠨᠡᠷ᠎ᠡ ᠡᠪᠡᠳᠴᠢᠲᠡᠨ ᠢ ᠬᠦᠯᠢᠶᠡᠨ ᠠᠪᠴᠦ᠂ 34 ᠨᠡᠷ᠎ᠡ ᠡᠪᠡᠳᠴᠢᠲᠡᠨ ᠪᠦᠬᠦᠨ ᠢ ᠡᠮᠨᠡᠨ | ᠵᠠᠰᠠᠵᠣ᠂ ᠡᠮᠨᠡᠨ ᠵᠠᠰᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠡᠮᠴᠢ ᠰᠤᠪᠢᠯᠠᠭᠴᠢ ᠶᠢᠨ ︽ | ᠬᠠᠯᠳᠠᠪᠤᠷᠢᠯᠠᠯ ᠥᠬᠡᠶ︾᠂ ᠠᠮᠤᠷ ᠲᠦᠪᠰᠢᠨ ᠤ ᠬᠠᠮᠢᠶᠠᠷᠤᠯᠲᠠ ᠶᠢᠨ ︽ᠠᠳᠡᠯ ᠥᠬᠡᠶ︾ ᠬᠢᠵᠢᠭ ᠢ ᠡᠰᠡᠷᠭᠦᠴᠡᠬᠦ | ᠲᠣᠭᠲᠠᠭᠰᠠᠨ ᠬᠠᠷᠠᠯᠲᠠ ᠪᠠᠨ ᠪᠡᠶᠡᠯᠡᠭᠦᠯᠵᠡᠶ᠃ | | | | | 11 ᠴᠠᠭ 40 ᠮᠢᠨᠦ᠋ᠲ ᠲᠤ᠂ ᠰᠢᠨ ᠱᠢ ᠵᠢᠢ ᠠᠭᠤᠳᠠᠮ ᠲᠠᠯᠠᠪᠠᠢ ᠳᠤ ︽ᠰᠢᠩ ᠾᠧ ᠰᠢᠶᠠᠨ ᠤ ᠬᠤᠪᠸᠢ | ᠶᠢ ᠲᠣᠰᠠᠯᠠᠬᠤ ᠲᠠᠶᠢᠨ ᠳᠤ ᠬᠢᠵᠢᠭ ᠢ ᠡᠰᠡᠷᠭᠦᠴᠡᠭᠰᠡᠨ ᠪᠠᠭᠠᠲᠤᠷᠴᠤᠳ ᠢ ᠪᠠᠶᠠᠷᠯᠠᠨ ᠤᠭᠲᠤᠬᠤ ᠶᠣᠰᠣᠯᠠᠯ︾ ᠢ | ᠶᠠᠪᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ | ᠴᠠᠩ ᠳ᠋ᠠ ᠸᠧᠢ ᠶᠣᠰᠣᠯᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠹᠦ᠋ ᠬᠠᠢ ᠴᠢᠩ ᠶᠠᠷᠢᠶ᠎ᠠ | ᠲᠠᠯᠪᠢᠵᠠᠢ᠃ | | | | | ᠡᠮᠴᠢ ᠰᠤᠪᠢᠯᠠᠭᠴᠢ ᠶᠢᠨ ᠲᠥᠯᠥᠭᠡᠯᠡᠭᠴᠢ ᠸᠠᠩ ᠰᠢᠶᠠ ᠶᠠᠷᠢᠶ᠎ᠠ ᠲᠠᠯᠪᠢᠬᠤ ᠳᠤ ᠪᠠᠨ᠂ ᠡᠮᠨᠡᠯᠭᠡ ᠶᠢᠨ | ᠠᠵᠢᠯᠲᠠᠨ ᠪᠣᠯᠤᠭᠰᠠᠨ ᠤ ᠬᠤᠪᠢ ᠳᠤ᠂ ᠬᠤᠪᠸᠢ ᠶᠢ ᠲᠤᠰᠠᠯᠠᠵᠤ ᠬᠢᠵᠢᠭ ᠢ ᠡᠰᠡᠷᠭᠦᠴᠡᠬᠦ ᠳᠤ ᠬᠠᠷᠢᠭᠤᠴᠠᠯᠭ᠎ᠠ | ᠬᠦᠨᠳᠦ ᠶᠡᠭᠡ ᠪᠠᠶᠢᠭᠰᠠᠨ ᠪᠦᠭᠡᠳ ᠡᠭᠦᠷᠭᠡ ᠴᠦ ᠢᠷᠠᠭᠤ ᠠᠯᠳᠠᠷᠲᠠᠶ ᠶᠤᠮ ᠭᠡᠵᠡᠶ᠃ ᠦᠬᠠᠨ ᠳᠤ ᠬᠦᠷᠦᠭᠰᠡᠨ ᠤ | ᠳᠠᠷᠠᠭ᠎ᠠ᠂ ᠲᠡᠳᠡ ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ | ᠦᠭᠡᠢ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠭᠦᠢᠴᠡᠳᠬᠡᠵᠦ᠂ ᠡᠨᠡ ᠤᠳᠠᠭᠠᠨ ᠤ ᠳᠠᠷᠢ ᠶᠢᠨ ᠤᠲᠤᠭ᠎ᠠ | ᠦᠭᠡᠢ ᠳᠠᠶᠢᠨ ᠳᠤ ᠢᠯᠠᠯᠲᠠ ᠤᠯᠬᠤ ᠪᠠᠷ ᠬᠦᠴᠦᠯᠡᠨ ᠴᠢᠷᠮᠠᠶᠢᠪᠠ᠃ ᠲᠡᠳᠡ ᠬᠦᠴᠢᠷ ᠪᠡᠷᠬᠡ ᠶᠢ ᠰᠦᠷᠦᠨ | ᠤᠷᠤᠭᠰᠢᠯᠠᠵᠤ᠂ ᠬᠦᠰᠡᠯ ᠡᠷᠡᠮᠡᠯᠵᠡᠯ ᠪᠠ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠦᠭᠡᠢ᠂ ᠪᠦᠬᠦ ᠬᠦᠴᠦ ᠪᠠᠷ | ᠢᠶᠠᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠵᠤ᠂ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠲᠤ ᠥᠪᠡᠷ ᠤᠨ ᠦᠴᠦᠬᠡᠨ ᠴᠦ ᠬᠡᠰᠡᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ | ᠢᠯᠡᠷᠬᠡᠶᠢᠯᠡᠪᠡ᠃ | ᠹᠦ᠋ ᠬᠠᠢ ᠴᠢᠩ᠂ ᠡᠮᠴᠢ ᠰᠤᠪᠢᠯᠠᠭᠴᠢ ᠶᠢᠨ ᠠᠩᠭᠢ ᠶᠢᠨ ᠭᠡᠰᠢᠭᠦᠳ ᠢ ᠡᠨᠡ ᠬᠡᠰᠡᠭ ᠬᠤᠭᠤᠴᠠᠭᠠᠨ ᠳᠤ | ᠰᠠᠶᠢᠲᠤᠷ ᠠᠮᠠᠷᠠᠯᠲᠠ ᠠᠪᠴᠦ᠂ ᠭᠡᠷ ᠤᠨ ᠬᠥᠮᠦᠰ ᠲᠡᠭᠡᠨ ᠢᠯᠡᠭᠦᠬᠡᠨ ᠬᠠᠨᠢ ᠪᠣᠯᠵᠦ᠂ ᠨᠡᠩ ᠢᠲᠡᠭᠡᠯ | ᠳᠦᠭᠦᠷᠡᠩ ᠢᠶᠠᠷ ᠠᠵᠢᠯ ᠤᠨ ᠪᠠᠶᠢᠷᠢᠨ ᠳᠤ ᠪᠠᠨ ᠪᠣᠴᠠᠬᠤ ᠶᠢ ᠬᠦᠰᠡᠪᠡ᠃ ᠡᠭᠦᠨ ᠤ ᠬᠠᠮᠲᠤ᠂ ᠪᠦᠬᠦ ᠰᠢᠶᠠᠨ ᠤ | ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠬᠤᠪᠸᠢ ᠶᠢ ᠲᠤᠰᠠᠯᠠᠬᠤ ᠡᠮᠴᠢ ᠰᠤᠪᠢᠯᠠᠭᠴᠢ ᠶᠢᠨ ᠠᠩᠭᠢ ᠶᠢᠨ | ᠭᠡᠰᠢᠭᠦᠳ ᠠᠴᠠ ᠢᠳᠡᠪᠬᠢᠲᠡᠢ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ︽ᠬᠤᠣᠰ ᠢᠯᠠᠯᠲᠠ︾ ᠶᠢ ᠲᠡᠮᠡᠴᠡᠨ ᠤᠯᠬᠤ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ | | | ᠣᠷᠴᠢᠭᠤᠯᠣᠭᠴᠢ᠄ ᠰᠣᠷᠭᠤᠭ | | | | | | |