ᠭᠠᠶᠢᠯᠢ ᠶᠢ ᠬᠥᠩᠭᠡᠯᠡᠵᠦ ᠦᠶᠯᠡᠴᠢᠯᠡᠭᠡ ᠶᠢ ᠰᠢᠯᠢᠳᠡᠭᠵᠢᠭᠦᠯᠦᠨ ᠦᠶᠯᠡᠳᠪᠦᠷᠢᠯᠡᠯ ᠢᠶᠠᠨ ᠰᠡᠷᠭᠦᠭᠡᠵᠦ ᠬᠥᠭᠵᠢᠯᠲᠡ ᠶᠢ ᠠᠬᠢᠭᠤᠯᠣᠶ᠎ᠠ
ᠨᠡᠶᠢᠲᠡᠯᠡᠭᠰᠡᠨ ᠴᠠᠭ᠄
2020-04-03
ᠭᠠᠶᠢᠯᠢ ᠶᠢ ᠬᠥᠩᠭᠡᠯᠡᠵᠦ ᠦᠶᠯᠡᠴᠢᠯᠡᠭᠡ ᠶᠢ ᠰᠢᠯᠢᠳᠡᠭᠵᠢᠭᠦᠯᠦᠨ ᠦᠶᠯᠡᠳᠪᠦᠷᠢᠯᠡᠯ ᠢᠶᠠᠨ ᠰᠡᠷᠭᠦᠭᠡᠵᠦ ᠬᠥᠭᠵᠢᠯᠲᠡ ᠶᠢ ᠠᠬᠢᠭᠤᠯᠣᠶ᠎ᠠ            — ᠮᠠᠨ ᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠳᠠᠷᠤᠭ᠎ᠠ ᠯᠢ ᠵᠧᠨ ᠫᠢᠩ               ︽ᠭᠠᠶᠢᠯᠢ ᠶᠢᠨ ᠬᠠᠣᠯᠢ ᠶᠢᠨ ᠤᠬᠠᠭᠤᠯᠭ᠎ᠠ ᠶᠢᠨ ᠠᠩᠬᠠᠨ ᠤ ᠤᠬᠠᠭᠤᠯᠭ᠎ᠠ ᠶᠢᠨ               ᠡᠳᠦᠷ︾᠎ ᠤᠨ ᠲᠤᠬᠠᠶ ᠰᠤᠷᠪᠤᠯᠵᠢᠯᠠᠭ᠎ᠠ ᠬᠦᠯᠢᠶᠡᠪᠡ
ᠰᠤᠷᠪᠤᠯᠵᠢᠯᠠᠭᠰᠠᠨ ᠴᠠᠭ᠄      2020 ᠣᠨ ᠤ 4 ᠳ᠋ᠤᠭᠠᠷ ᠰᠠᠷ᠎ᠠ᠎ ᠶᠢᠨ 3᠎ ᠤ ᠡᠳᠦᠷᠰᠤᠷᠪᠤᠯᠵᠢᠯᠠᠭ᠎ᠠ ᠬᠦᠯᠢᠶᠡᠭᠴᠢ᠄      ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠳᠠᠷᠤᠭ᠎ᠠ ᠯᠢ ᠵᠧᠨ ᠫᠢᠩ ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠤᠯᠤᠰ ᠤᠨ ᠵᠠᠰᠠᠯᠲᠠ ᠳᠠᠬᠢ ᠭᠠᠶᠢᠯᠢ ᠲᠠᠲᠠᠪᠤᠷᠢ ᠶᠢᠨ ᠰᠠᠭᠤᠷᠢᠯᠠᠬᠤ ᠴᠢᠨᠠᠷ᠂ ᠲᠤᠯᠭᠠᠭᠤᠷᠢᠯᠠᠬᠤ ᠴᠢᠨᠠᠷ ᠪᠠ ᠪᠠᠲᠤᠯᠠᠭ᠎ᠠ ᠶᠢᠨ ᠴᠢᠨᠠᠷ ᠤᠨ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠡ ᠠᠴᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠷᠢᠶᠠᠯᠠᠭ᠎ᠠ ᠳᠣᠣᠷ᠎ᠠ᠂ 2020 ᠣᠨ ᠤ 4 ᠰᠠᠷ᠎ᠠ ᠶᠢᠨ 1᠎ ᠤ ᠡᠳᠦᠷ ᠠᠴᠠ 5 ᠰᠠᠷ᠎ᠠ ᠶᠢᠨ 20᠎ ᠤ ᠡᠳᠦᠷ ᠪᠣᠯᠲᠠᠯ᠎ᠠ᠂ ︽ᠭᠠᠶᠢᠯᠢ ᠶᠢ ᠬᠥᠩᠭᠡᠯᠡᠵᠦ ᠦᠶᠯᠡᠴᠢᠯᠡᠭᠡ ᠶᠢ ᠰᠢᠯᠢᠳᠡᠭᠵᠢᠭᠦᠯᠦᠨ ᠦᠶᠯᠡᠳᠪᠦᠷᠢᠯᠡᠯ ᠢᠶᠠᠨ ᠰᠡᠷᠭᠦᠭᠡᠵᠦ ᠬᠥᠭᠵᠢᠯᠲᠡ ᠶᠢ ᠠᠬᠢᠭᠤᠯᠬᠤ︾᠎ ᠪᠠᠷ ᠭᠤᠤᠯ ᠰᠡᠳᠦᠪ ᠪᠣᠯᠭᠠᠵᠤ᠂ 29 ᠳ᠋ᠦ᠋ᠭᠡᠷ ᠤᠳᠠᠭᠠᠨ ᠤ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠣᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠣᠨᠴᠠᠭᠠᠶ ᠴᠠᠭ ᠦᠶ᠎ᠡ ᠳᠤ᠂ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢ ᠵᠧᠨ ᠫᠢᠩ ᠰᠢᠩ ᠾᠧ ᠰᠢᠶᠠᠨ ᠤ ᠭᠠᠷᠠᠭ ᠤᠨ ᠰᠣᠨᠢᠨ ᠢᠶᠠᠷ ᠳᠠᠮᠵᠢᠭᠤᠯᠣᠨ᠂ ᠲᠤᠰᠬᠠᠶ ᠪᠤᠯᠤᠩ ᠤᠨ ᠰᠤᠷᠪᠤᠯᠵᠢᠯᠠᠭ᠎ᠠ ᠶᠢᠨ ᠬᠡᠯᠪᠡᠷᠢ ᠪᠠᠷ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠥᠰᠢᠭᠡ ᠶᠢ ᠨᠡᠭᠡᠭᠡᠵᠦ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠵᠦ᠂ ᠠᠵᠤ ᠠᠬᠤᠶᠢᠯᠠᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠰᠠᠶᠢᠨ ᠬᠦᠴᠦᠨ ᠨᠡᠮᠡᠷᠢᠯᠡᠪᠡ᠃      ᠳᠣᠣᠷ᠎ᠠ ᠲᠤᠰ ᠤᠳᠠᠭᠠᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠣᠯᠤᠨ ᠵᠠᠷᠢᠮ ᠭᠠᠶᠢᠯᠢ ᠲᠤᠰᠢᠶᠠᠭᠴᠢ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠤᠬᠠᠢ ᠲᠤᠰᠬᠠᠢ ᠰᠡᠳᠦᠪᠲᠦ ᠰᠣᠷᠪᠣᠯᠵᠢᠯᠠᠭ᠎ᠠ ᠬᠢᠪᠡ᠃                          ᠰᠣᠷᠪᠣᠯᠵᠢᠯᠠᠭ᠎ᠠ ᠶᠢᠨ ᠪᠣᠲᠠᠲᠣ ᠲᠡᠮᠳᠡᠭᠯᠡᠯᠰᠣᠷᠪᠣᠯᠵᠢᠯᠠᠭᠴᠢ᠄      ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠤ ᠠᠬᠤᠶᠢᠯᠠᠯ ᠤᠨ ᠬᠥᠭᠵᠢᠯᠲᠡ ᠳᠤ ᠵᠣᠬᠢᠬᠤ ᠨᠥᠯᠥᠭᠡ ᠠᠪᠴᠢᠷᠠᠵᠠᠶ᠂ ᠲᠣᠰ ᠤᠳᠠᠭᠠᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠳᠤ ᠶᠠᠮᠠᠷ ᠠᠷᠭ᠎ᠠ ᠬᠡᠯᠪᠡᠷᠢ ᠪᠠᠷ ᠮᠠᠨ ᠤ ᠰᠠᠶᠢᠨ ᠲᠥᠷᠥ ᠶᠢᠨ ᠪᠣᠳᠣᠯᠭ᠎ᠠ ᠪᠠᠨ ᠠᠵᠤ ᠠᠬᠤᠶᠢᠯᠠᠯ ᠳᠤ ᠬᠦᠷᠭᠡᠵᠦ ᠥᠭᠬᠦ ᠪᠣᠶ︖ ᠯᠢ ᠵᠧᠨ ᠫᠢᠩ᠄      ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪ ᠪᠣᠯ ︽ᠭᠠᠶᠢᠯᠢ ᠶᠢ ᠬᠥᠩᠭᠡᠯᠡᠵᠦ ᠦᠶᠯᠡᠴᠢᠯᠡᠭᠡ ᠶᠢ ᠰᠢᠯᠢᠳᠡᠭᠵᠢᠭᠦᠯᠦᠨ ᠦᠶᠯᠡᠳᠪᠦᠷᠢᠯᠡᠯ ᠢᠶᠠᠨ ᠰᠡᠷᠭᠦᠭᠡᠵᠦ ᠬᠥᠭᠵᠢᠯᠲᠡ ᠶᠢ ᠠᠬᠢᠭᠤᠯᠬᠤ︾ ᠪᠣᠯᠤᠨ᠎ᠠ᠂ 4 ᠰᠠᠷ᠎ᠠ ᠶᠢᠨ 1᠎ ᠤ ᠡᠳᠦᠷ ᠠᠴᠠ 5 ᠰᠠᠷ᠎ᠠ ᠶᠢᠨ 20᠎ ᠤ ᠡᠳᠦᠷ ᠪᠣᠯᠲᠠᠯ ᠎ᠠ᠂ ᠮᠠᠨ ᠤ ᠲᠣᠪᠴᠢᠶ᠎ᠠ ᠭᠠᠶᠢᠯᠢ ᠶᠢᠨ ᠶᠠᠪᠤᠳᠠᠯ ᠤᠨ ᠺᠠᠲᠠᠷᠴᠣᠳ ᠢ ᠵᠣᠬᠢᠶᠠᠨ ᠪᠠᠶᠢᠭᠤᠯᠣᠨ ᠤᠬᠠᠭᠤᠯᠣᠨ ᠵᠢᠯᠣᠭᠤᠳᠴᠦ᠂ ᠡᠯ᠎ᠡ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠯ᠎ᠡ ᠵᠦᠶᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠤᠬᠠᠭᠤᠯᠭ᠎ᠠ ᠪᠠ ᠬᠠᠪᠰᠤᠷᠤᠨ ᠵᠢᠯᠣᠭᠤᠳᠣᠯᠭ᠎ᠠ ᠬᠢᠨ᠎ᠠ᠃ ᠡᠭᠦᠨ ᠤ ᠬᠠᠮᠲᠤ ᠪᠠᠰᠠ ᠭᠠᠶᠢᠯᠢ ᠲᠤᠰᠢᠶᠠᠬᠤ ᠦᠶᠯᠡᠴᠢᠯᠡᠭᠡᠨ ᠤ ᠲᠢᠩᠬᠢᠮ᠂ ᠠᠭᠤᠳᠠᠮ ᠲᠠᠯᠠᠪᠠᠶ ᠵᠡᠷᠭᠡ ᠭᠠᠵᠠᠷ ᠤᠨ ᠡᠯᠧᠺᠲᠷᠣᠨ ᠳᠡᠯᠭᠡᠴᠡ ᠳᠡᠭᠡᠷ᠎ᠡ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠬᠦ ᠪᠣᠯᠤᠨ᠎ᠠ᠃ ᠵᠢᠷᠭᠡᠭᠡ᠂ ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾᠎ ᠢᠶᠠᠷ ᠳᠠᠮᠵᠢᠭᠤᠯᠤᠨ᠂ ᠭᠠᠶᠢᠯᠢ ᠲᠤᠰᠢᠶᠠᠭᠴᠢ ᠳᠤ ᠬᠠᠮᠢᠶ᠎ᠠ ᠪᠥᠬᠦᠶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠡᠪᠰᠢᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠦᠨ᠎ᠠ᠃ ᠰᠣᠷᠪᠣᠯᠵᠢᠯᠠᠭᠴᠢ᠄      4 ᠰᠠᠷ᠎ᠠ ᠶᠢᠨ ᠬᠤᠭᠤᠴᠠᠭᠠᠨ ᠳᠤ᠂ ᠬᠡᠷᠪᠡ ᠠᠵᠤ ᠠᠬᠤᠶᠢᠯᠠᠯ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠭᠡᠪᠡᠯ ᠶᠠᠮᠠᠷ ᠲᠥᠬᠦᠮ ᠦᠵᠡᠭᠦᠯᠬᠦ ᠪᠣᠶ︖ ᠯᠢ ᠵᠧᠨ ᠫᠢᠩ᠄      ᠬᠠᠮᠤᠭ ᠤᠨ ᠰᠢᠨ᠎ᠡ ᠲᠣᠭᠲᠠᠭᠠᠯ ᠢ ᠦᠨᠳᠦᠰᠦᠯᠡᠪᠡᠯ᠂ 4 ᠰᠠᠷ᠎ᠠ ᠶᠢᠨ ᠭᠠᠶᠢᠯᠢ ᠲᠤᠰᠢᠶᠠᠬᠤ ᠪᠠᠷ ᠭᠤᠶᠣᠴᠢᠯᠠᠨ ᠮᠡᠳᠡᠭᠦᠯᠬᠦ ᠬᠤᠭᠤᠴᠠᠭ᠎ᠠ ᠶᠢ 4 ᠰᠠᠷ᠎ᠠ ᠶᠢᠨ 24᠎ ᠤ ᠡᠳᠦᠷ ᠪᠣᠯᠲᠠᠯ᠎ᠠ ᠤᠷᠲᠤᠳᠬᠠᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠭᠠᠶᠢᠯᠢ ᠲᠤᠰᠢᠶᠠᠬᠤ ᠦᠶᠯᠡᠴᠢᠯᠡᠭᠡᠨ ᠤ ᠲᠢᠩᠬᠢᠮ ᠳᠤ ᠣᠯᠠᠨ ᠬᠦᠮᠦᠨ ᠴᠣᠭᠯᠠᠷᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠶᠢᠨ ᠲᠥᠯᠥᠭᠡ᠂ ᠭᠠᠶᠢᠯᠢ ᠲᠤᠰᠢᠶᠠᠭᠴᠢ ᠭᠠᠶᠢᠯᠢ ᠲᠤᠰᠢᠶᠠᠬᠤ ᠲᠤᠬᠠᠶᠢᠯᠠᠭᠰᠠᠨ ᠠᠵᠢᠯ ᠢᠶᠠᠨ ᠰᠣᠩᠭᠤᠬᠤ ᠳᠠᠭᠠᠨ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ︽i ᠭᠠᠶᠢᠯᠢ ᠶᠢᠨ ᠦᠶᠯᠡᠴᠢᠯᠡᠭᠡᠨ ᠤ ᠲᠠᠪᠴᠠᠩ︾᠎ ᠢᠶᠠᠷ ᠳᠠᠮᠵᠢᠭᠤᠯᠤᠨ ᠭᠠᠶᠢᠯᠢ ᠲᠤᠰᠢᠶᠠᠬᠤ ᠪᠠᠷ ᠭᠤᠶᠣᠴᠢᠯᠠᠨ ᠮᠡᠳᠡᠭᠦᠯᠬᠦ ᠠᠵᠢᠯ ᠢ ᠪᠡᠶᠡᠯᠡᠭᠦᠯᠬᠦ ᠶᠢ ᠲᠠᠨᠢᠯᠴᠠᠭᠤᠯᠣᠨ᠎ᠠ᠃ᠰᠣᠷᠪᠣᠯᠵᠢᠯᠠᠭᠴᠢ᠄      ᠰᠣᠨᠣᠰᠬᠤᠯᠠᠷ ᠡᠨᠡ ᠤᠳᠠᠭ᠎ᠠ ᠥᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠎ ᠲᠠᠢ᠂ ᠬᠤᠪᠢ ᠬᠥᠮᠦᠨ ᠲᠣᠰ ᠲᠦᠷᠦ ᠶᠢᠨ ᠪᠣᠳᠣᠯᠭ᠎ᠠ ᠶᠢ ᠬᠦᠷᠲᠡᠵᠦ ᠲᠠᠶᠢᠯᠤᠨ᠎ᠠ ᠦᠦ︖ ᠯᠢ ᠵᠧᠨ ᠫᠢᠩ᠄      ᠬᠡᠷᠪᠡ ᠬᠤᠪᠢ ᠬᠥᠮᠦᠨ ᠪᠤᠶᠤ ᠭᠡᠷ ᠤᠨ ᠬᠥᠮᠦᠰ ᠨᠠᠶᠢᠵᠠ ᠨᠥᠬᠦᠳ ᠨᠢ ᠣᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠦᠶᠯᠡᠴᠢᠯᠡᠭᠡ᠂ ᠠᠮᠢᠳᠤᠷᠠᠯ ᠤᠨ ᠦᠶᠯᠡᠴᠢᠯᠡᠭᠡ ᠬᠠᠩᠭᠠᠬᠤ ᠵᠢᠴᠢ ᠰᠠᠭᠤᠭᠠᠯᠢ ᠠᠷᠠᠳ ᠲᠤ ᠠᠮᠢᠳᠤᠷᠠᠯ ᠤᠨ ᠴᠢᠬᠤᠯᠠ ᠪᠥᠬᠦᠶ ᠡᠳ᠋ ᠪᠣᠳᠠᠰ ᠢ ᠲᠦᠷᠭᠡᠨ ᠬᠦᠷᠭᠡᠬᠦ ᠪᠠ ᠬᠤᠷᠢᠶᠠᠨ ᠲᠣᠮᠢᠯᠠᠬᠤ ᠦᠶᠯᠡᠴᠢᠯᠡᠭᠡ ᠬᠠᠩᠭᠠᠬᠤ ᠵᠡᠷᠭᠡ ᠳᠤ ᠣᠯᠤᠭᠰᠠᠨ ᠣᠷᠣᠯᠭ᠎ᠠ ᠪᠠᠶᠢᠪᠠᠯ᠂ ᠥᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃      ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ 4 ᠶᠡᠭᠡ ᠲᠥᠷᠥᠯ 12 ᠵᠦᠶᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠵᠤ ᠠᠬᠤᠶᠢᠯᠠᠯ ᠲᠠᠢ ᠬᠠᠮᠲᠤ ᠪᠠᠷ ᠬᠦᠴᠢᠷ ᠪᠡᠷᠬᠡᠰᠢᠶᠡᠯ ᠢ ᠳᠤᠭᠤᠯᠵᠤ᠂ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠶᠡᠷᠦᠩᠬᠡᠶ ᠲᠣᠪᠴᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠭᠠᠶᠢᠯᠢ ᠶᠢ ᠬᠥᠩᠭᠡᠯᠡᠵᠦ ᠦᠶᠯᠡᠴᠢᠯᠡᠭᠡ ᠶᠢ ᠰᠢᠯᠢᠳᠡᠭᠵᠢᠭᠦᠯᠦᠨ ᠦᠶᠯᠡᠳᠪᠦᠷᠢᠯᠡᠯ ᠢᠶᠠᠨ ᠰᠡᠷᠭᠦᠭᠡᠵᠦ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠶᠢᠨ ᠭᠤᠤᠯ ᠰᠡᠳᠦᠪ ᠢ ᠰᠠᠶᠢᠲᠤᠷ ᠨᠠᠶᠢᠳᠠᠪᠦᠷᠢᠵᠢᠭᠤᠯᠵᠣ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠪᠤᠷ ᠤᠨ ᠰᠠᠯᠬᠢᠨ ᠤ ᠠᠵᠢᠯᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠳᠤ ᠰᠡᠷᠭᠦᠯᠲᠡ ᠶᠢᠨ ᠬᠠᠪᠤᠷ᠂ ᠬᠥᠭᠵᠢᠯᠲᠡ ᠶᠢᠨ ᠬᠠᠪᠤᠷ ᠢ ᠠᠪᠴᠢᠷᠠᠬᠤ ᠪᠣᠯᠤᠨ᠎ᠠ᠃      ᠬᠢᠵᠢᠭ ᠤᠨ ᠪᠠᠶᠢᠳᠠᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠨᠢᠭᠡᠨ ᠳᠠᠪᠠᠭ᠎ᠠ ᠮᠥᠨ ᠪᠣᠯᠬᠤᠷ ᠤᠷᠤᠭᠰᠢᠯᠠᠯᠲᠠ ᠶᠢ ᠲᠦᠷ ᠴᠠᠭ ᠤᠳᠠᠭᠠᠰᠢᠷᠠᠬᠤᠯᠬᠤ ᠪᠣᠯᠪᠠᠴᠤ ᠤᠷᠤᠭᠰᠢᠯᠠᠯᠲᠠ ᠶᠢ ᠬᠤᠷᠢᠭᠯᠠᠵᠤ ᠴᠢᠳᠠᠬᠤ ᠦᠭᠡᠢ ᠶᠤᠮ᠃ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠲᠤᠰᠢᠶᠠᠭᠴᠢᠳ ᠲᠠᠢ ᠬᠠᠮᠲᠤ ᠣᠷᠣᠭᠰᠢᠯᠠᠨ ᠬᠦᠴᠢᠷ ᠪᠡᠷᠬᠡ ᠶᠢ ᠬᠠᠮᠲᠤᠪᠠᠷ ᠲᠤᠭᠤᠯᠬᠤ ᠪᠣᠯᠤᠨ᠎ᠠ᠃                                             ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3