ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠨᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠣᠳᠠᠭᠠᠨ ᠤ ᠭᠦᠢᠴᠡᠳᠬᠡᠬᠦ ᠭᠡᠰᠢᠭᠦᠨ ᠤ ᠵᠦᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2020-04-03
     3 ᠳ᠋ᠤᠭᠠᠷ ᠰᠠᠷ᠎ᠠ ᠶᠢᠨ 31 ᠤ ᠡᠳᠦᠷ᠂ ᠰᠢᠩ ᠾᠧ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠠᠴᠠ ᠪᠥᠬᠦ ᠠᠵᠢᠯᠲᠠᠳ ᠢ ᠵᠣᠬᠢᠶᠠᠨ ᠪᠠᠶᠢᠭᠤᠯᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠦᠢᠴᠡᠳᠬᠡᠬᠦ ᠬᠡᠰᠢᠭᠦᠨ ᠤ ᠵᠦᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠰᠢᠶᠠᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠭᠤᠤ ᠯᠢ ᠷᠦᠩ ᠬᠤᠷᠠᠯ ᠡᠷᠬᠢᠯᠡᠪᠡ᠃
     ᠡᠮᠡᠭᠲᠡᠶᠢᠴᠦᠳ ᠤᠨ ᠬᠤᠯᠪᠣᠭᠠᠨ ᠤ ᠪᠦᠬᠦ ᠤᠳᠤᠷᠢᠳᠬᠤ ᠺᠠᠳ᠋ᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠤ ᠶᠠᠷᠢᠶᠠᠨ ᠤ ᠵᠣᠷᠢᠭ ᠰᠠᠨᠠᠭ᠎ᠠ ᠪᠣᠯᠤᠨ ᠲᠡᠷᠢᠭᠦᠯᠡᠭᠴᠢ ᠬᠦᠦᠳᠠᠭᠤᠯ᠎ᠠ ᠶᠢᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠣᠳᠠᠭᠠᠨ ᠤ ᠭᠦᠢᠴᠡᠳᠬᠡᠬᠦ ᠭᠡᠰᠢᠬᠦᠨ ᠤ ᠵᠦᠪᠯᠡᠯ ᠤᠨ ᠬᠤᠷᠠᠯ ᠳᠡᠭᠡᠷ᠎ᠡ ᠬᠢᠭᠰᠡᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠷᠤᠯᠴᠠᠪᠠ᠃      ᠭᠤᠤ ᠯᠢ ᠷᠦᠩ ᠠᠴᠠ᠂ ᠡᠮᠡᠭᠲᠡᠶᠢᠴᠦᠳ ᠤᠨ ᠬᠤᠯᠪᠣᠭᠠᠨ ᠤ ᠪᠦᠬᠦ ᠠᠵᠢᠯᠲᠠᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠡᠪ ᠰᠤᠷᠲᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠠᠷᠭ᠎ᠠ ᠮᠠᠶ᠋ᠢᠭ ᠢᠶᠠᠨ ᠰᠢᠨᠡᠴᠢᠯᠡᠵᠦ᠂ ᠤᠯᠤᠰ ᠲᠦᠷᠦᠴᠢ ᠴᠢᠨᠠᠷ᠂ ᠲᠡᠷᠢᠭᠦᠨ ᠴᠢᠨᠠᠷ᠂ ᠤᠯᠠᠨ ᠲᠦᠮᠡᠨᠴᠢ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠡᠮᠡᠭᠲᠡᠶᠢᠴᠦᠳ ᠤᠨ ᠬᠤᠯᠪᠣᠭᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮᠡᠭᠲᠡᠶᠢᠴᠦᠳ ᠤᠨ ᠬᠤᠯᠪᠣᠭᠠᠨ ᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠡᠮᠡᠭᠲᠡᠶᠢᠴᠦᠳ ᠤᠨ ᠪᠦᠯᠬᠦᠮᠳᠡᠯ ᠢ ᠴᠢᠩᠭᠠᠷᠠᠭᠤᠯᠬᠤ᠂ ᠦᠢᠯᠡᠰ ᠪᠦᠲᠦᠭᠡᠬᠦ ᠶᠢ ᠵᠣᠷᠢᠭᠵᠢᠭᠤᠯᠬᠤ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ᠂ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠰᠡᠳᠬᠢᠯ ᠢ ᠨᠢᠭᠲᠠᠷᠠᠭᠤᠯᠬᠤ᠂ ᠵᠥᠷᠢᠴᠡᠯ ᠢ ᠠᠷᠢᠯᠭᠠᠬᠤ ᠶᠢ ᠵᠣᠷᠢᠨ᠂ ᠮᠠᠨ ᠤ ᠰᠢᠶᠠᠨ ᠤ ᠡᠮᠡᠭᠲᠡᠶᠢᠴᠦᠳ ᠤᠨ ᠠᠵᠢᠯ ᠢ ᠲᠠᠬᠢᠨ ᠨᠢᠭᠡᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠪᠡ᠃                                                      ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3