ᠮᠠᠨ ᠤ ᠰᠢᠶᠠᠨ ︽ᠬᠤᠶᠠᠷ ᠢ ᠲᠣᠭᠲᠠᠭᠠᠵᠤ ᠬᠤᠶᠠᠷ ᠢ ᠲᠡᠳᠬᠦᠬᠦ︾ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020-04-30
     4 ᠰᠠᠷ᠎ᠠ ᠶᠢᠨ 28 ᠤ ᠡᠳᠦᠷ᠂ ᠰᠢᠩ ᠾᠧ ᠰᠢᠶᠠᠨ ᠨᠢ ᠪᠦᠯᠬᠦᠮᠳᠡᠯ ᠰᠢᠶᠠᠩ ᠤᠨ ᠳ᠋ᠠ ᠡᠦ ᠬᠤᠤ ᠲᠣᠰᠬᠤᠨ ᠳᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ︾ ᠪᠠᠷ ᠭᠤᠤᠯ ᠰᠡᠳᠦᠪ ᠪᠣᠯᠭᠠᠭᠰᠠᠨ ︽ᠬᠤᠶᠠᠷ ᠢ ᠰᠢᠶᠳᠪᠦᠷᠢᠯᠡᠬᠦ ᠬᠤᠶᠠᠷ ᠢ ᠲᠡᠳᠬᠦᠬᠦ︾ ᠠᠵᠢᠯᠯᠠᠭ᠎ᠠ ᠶᠢ ᠥᠷᠨᠢᠭᠦᠯᠵᠡᠶ᠃
     ᠨᠢᠭᠡ ᠪᠦᠯᠦᠭ ᠺᠠᠲᠠᠷ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠤᠨ ᠲᠤᠬᠠᠢ ᠦᠵᠡᠯ ᠰᠠᠨᠠᠭ᠎ᠠ ᠲᠠᠨᠢᠯᠲᠠ ᠭᠦᠢᠴᠡᠳ ᠪᠤᠰᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠬᠤ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠰᠢᠨ᠎ᠡ ᠶᠢ ᠡᠭᠦᠳᠬᠦ ᠮᠠᠶ᠋ᠢᠭ ᠤᠨ ᠠᠷᠭ᠎ᠠ ᠬᠡᠯᠪᠡᠷᠢ ᠶᠢ ᠠᠪᠴᠤ᠂ ᠪᠦᠬᠦ ᠰᠢᠶᠠᠨ ᠤ ᠡᠯ᠎ᠡ ᠰᠢᠶᠠᠩ ᠪᠠᠯᠭᠠᠰᠣᠨ ᠳᠤ ᠪᠦᠬᠦ ᠲᠠᠯ᠎ᠠ ᠶᠢᠨ ︽ᠬᠤᠶᠠᠷ ᠢ ᠰᠢᠶᠳᠪᠦᠷᠢᠯᠡᠬᠦ ᠬᠤᠶᠠᠷ ᠢ ᠲᠡᠳᠬᠦᠬᠦ︾ ᠦᠵᠡᠯ ᠰᠠᠨᠠᠭᠠᠨ ᠤ ᠬᠦᠮᠦᠵᠢᠯ ᠢ ᠥᠷᠨᠢᠭᠦᠯᠵᠦ᠂ ᠪᠦᠬᠦ ᠰᠢᠶᠠᠨ ᠤ ᠺᠠᠲᠡᠷ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠰᠢᠢᠳᠪᠦᠷᠢᠲᠦ ᠢᠯᠠᠯᠲᠠ ᠶᠢ ᠤᠯᠬᠤ ᠢᠲᠡᠭᠡᠯ ᠵᠣᠷᠢᠭ ᠢ ᠬᠥᠪᠴᠢᠯᠡᠪᠡ᠃ ᠰᠢᠩ ᠾᠧ ᠰᠢᠶᠠᠨ ᠤ ᠪᠦᠯᠬᠦᠮᠳᠡᠯ ᠰᠢᠶᠠᠩ ᠤᠨ ᠳ᠋ᠠ ᠡᠦ ᠬᠤᠤ ᠲᠣᠰᠬᠤᠨ ᠳᠤ᠂ ᠰᠢᠶᠠᠨ ᠤ ᠨᠠᠮ ᠤᠨ ᠰᠤᠷᠭᠠᠭᠤᠯᠢ ᠶᠢᠨ ᠠᠵᠢᠯᠲᠠᠳ ᠶᠠᠳᠠᠭᠤ ᠬᠦᠴᠢᠷᠳᠡᠯᠲᠡᠶ ᠡᠷᠦᠬᠡ᠂ ᠲᠣᠰᠬᠤᠨ ᠤ ᠠᠷᠠᠳ ᠵᠡᠷᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠦᠭᠴᠦ ᠂ ᠶᠠᠳᠠᠭᠤ ᠶᠢ ᠲᠡᠳᠬᠦᠬᠦ ᠠᠯᠪᠠᠨ ᠬᠡᠷ ᠤᠨ ᠠᠵᠢᠯᠲᠠᠳ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠠᠶᠢᠯᠪᠤᠷᠢᠯᠠᠨ ᠦᠭᠴᠦ᠂ ᠲᠠᠷᠢᠶᠠᠯᠠᠩ ᠰᠢᠨᠵᠢᠯᠡᠭᠡ ᠮᠡᠷᠭᠡᠵᠢᠯ ᠤᠨ ᠲᠣᠪᠴᠢᠶᠠᠨ ᠤ ᠠᠵᠢᠯᠲᠠᠳ ᠲᠠᠷᠢᠶᠠᠨ ᠭᠠᠵᠠᠷ ᠲᠤ ᠬᠦᠷᠴᠦ ᠲᠣᠰᠬᠤᠨ ᠤ ᠠᠷᠠᠳ ᠲᠤ ᠲᠠᠷᠢᠬᠤ ᠮᠡᠷᠭᠡᠵᠢᠯ ᠤᠨ ᠮᠡᠳᠡᠯᠭᠡ ᠶᠢ ᠵᠢᠭᠠᠵᠣ ᠦᠭᠪᠡ᠃        ᠠᠵᠢᠯᠯᠠᠭ᠎ᠠ ᠳᠤᠮᠳᠠ᠂ ᠰᠢᠩ ᠾᠧ ᠰᠢᠶᠠᠨ ᠤ ᠤᠯᠠᠭᠠᠨᠮᠥ᠋ᠴᠢᠷ ᠨᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠳᠬ᠎ᠠ ᠤᠷᠠᠯᠢᠭ ᠤᠨ ᠫᠷᠤᠭ᠍ᠷᠠᠮ ᠳᠤ ᠠᠭᠤᠰᠤᠯᠴᠠᠭᠤᠯᠤᠨ᠂ ᠲᠣᠭᠯᠠᠯᠲᠠ ᠥᠷᠨᠢᠭᠦᠯᠵᠦ᠂ ᠲᠣᠰᠬᠤᠨ  ᠤ ᠠᠷᠠᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠤᠨ ᠲᠤᠬᠠᠶ ᠬᠠᠨᠤᠮᠵᠢ ᠶᠢᠨ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠶᠠᠳᠠᠭᠤ  ᠠᠴᠠ ᠠᠩᠭᠢᠵᠢᠷᠠᠵᠤ ᠴᠢᠨᠡᠭᠡᠯᠢᠭᠵᠢᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃                                          ᠵᠣᠬᠢᠶᠠᠭᠴᠢ᠄ ᠵᠣᠣ ᠫᠧᠩ ᠹᠸᠢ᠂ ᠰᠢᠨ ᠸᠧᠶ ᠯᠦ                                          ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3