| | 5 ᠰᠠᠷ᠎ᠠ ᠶᠢᠨ 10 ᠤ ᠡᠳᠦᠷ᠂ ᠰᠢᠩ ᠾᠧ ᠰᠢᠶᠠᠨ ᠤ ᠤᠷᠠᠨ ᠵᠢᠷᠤᠭ ᠤᠨ ᠣᠷᠳᠣᠨ ᠳᠤ ᠵᠢᠷᠭᠤᠳᠤᠭᠠᠷ | ᠬᠤᠭᠤᠴᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠴᠣᠭᠯᠠᠭᠠᠨ ᠢ ᠡᠷᠬᠢᠯᠡᠵᠤ᠂ ᠪᠦᠬᠦ ᠰᠢᠶᠠᠨ ᠤ 25 ᠨᠡᠷ᠎ᠡ | ᠤᠷᠠᠨ ᠪᠢᠴᠢᠯᠭᠡ ᠤᠷᠠᠨ ᠵᠢᠷᠤᠭ ᠤᠨ ᠰᠣᠨᠢᠷᠬᠠᠭᠴᠢᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠤᠷᠠᠨ | ᠪᠢᠴᠢᠯᠭᠡ ᠤᠷᠠᠨ ᠵᠢᠷᠤᠭ ᠤᠨ ᠠᠵᠢᠯᠲᠠᠳ ᠪᠣᠯᠤᠨ ᠰᠣᠨᠢᠷᠬᠠᠭᠴᠢᠳ ᠨᠢᠭᠡ ᠲᠠᠩᠬᠢᠮ ᠳᠤ ᠴᠤᠭᠯᠠᠷᠠᠵᠤ᠂ 30 ᠭᠠᠷᠤᠶ | ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠵᠣᠬᠢᠶᠠᠨ ᠪᠦᠲᠦᠭᠡᠪᠡ᠃ | | | | | ᠣᠳᠣᠬᠠᠨ ᠳᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ | ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠬᠤ ᠲᠠᠰᠢᠷᠠᠮ ᠳᠤ ᠰᠢᠩ ᠾᠧ ᠰᠢᠶᠠᠨ ᠤ ᠰᠣᠶᠣᠯ ᠪᠣᠯᠤᠨ | ᠵᠢᠭᠤᠯᠴᠢᠯᠠᠯ ᠤᠨ ᠲᠣᠪᠴᠢᠶ᠎ᠠ ᠨᠢ ᠰᠣᠶᠣᠯ ᠤᠷᠠᠯᠢᠭ ᠤᠨ ᠬᠦᠴᠦᠨ ᠢᠶᠠᠷ ᠦᠨᠳᠦᠰᠦᠲᠡᠨ ᠤ ᠵᠣᠷᠢᠭ ᠰᠠᠨᠠᠭ᠎ᠠ ᠶᠢ | ᠬᠥᠪᠴᠢᠯᠡᠨ᠂ ᠰᠣᠶᠣᠯ ᠤᠨ ᠬᠦᠴᠦᠨ ᠢᠶᠠᠷ ᠬᠢᠵᠢᠭ ᠢ ᠡᠰᠡᠷᠭᠦᠴᠡᠬᠦ ᠳᠠᠶᠢᠨ ᠳᠤ ᠬᠦᠴᠦᠨ ᠨᠡᠮᠡᠷᠢᠯᠡᠵᠦ᠂ ᠣᠯᠠᠨ ᠳᠤ | ᠬᠠᠷᠢᠯᠴᠠᠨ ᠰᠣᠷᠣᠯᠴᠠᠬᠤ᠂ ᠤᠷ᠎ᠠ ᠮᠡᠷᠭᠡᠰᠢᠯ ᠵᠢᠴᠢ ᠣᠯᠤᠯᠲᠠ ᠪᠠᠨ ᠰᠣᠯᠢᠯᠴᠠᠬᠤ ᠲᠠᠪᠴᠠᠩ ᠢ ᠬᠠᠩᠭᠠᠵᠣ᠂ ᠤᠷᠠᠨ | ᠪᠢᠴᠢᠯᠭᠡ ᠤᠷᠠᠨ ᠵᠢᠷᠤᠭ ᠤᠨ ᠬᠢᠨ ᠤ ᠰᠢᠨ᠎ᠡ ᠬᠠᠭᠤᠴᠢᠨ ᠨᠠᠶᠢᠵᠠ ᠨᠠᠷ ᠪᠣᠯᠤᠨ ᠪᠦᠬᠦ ᠰᠢᠶᠠᠨ ᠤ ᠡᠯ᠎ᠡ | ᠦᠨᠳᠦᠰᠦᠲᠡᠨ ᠤ ᠣᠯᠠᠨ ᠲᠦᠮᠡᠨ ᠳᠤ ᠨᠢᠭᠡ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠢ ᠳᠡᠯᠭᠡᠨ ᠦᠵᠡᠭᠦᠯᠬᠦ | ᠦᠪᠡᠳᠡᠭᠰᠢ ᠶᠡᠭᠡ ᠳᠠᠶᠢᠯᠠᠯᠭ᠎ᠠ ᠶᠢ ᠬᠠᠩᠭᠠᠵᠡᠢ᠃ | ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠴᠤᠭᠯᠠᠭᠠᠨ ᠪᠣᠯ ᠰᠢᠶᠠᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠶᠢᠨ ︽ᠬᠢᠵᠢᠭ ᠢ ᠡᠰᠡᠷᠭᠦᠴᠡᠬᠦ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢᠨ ᠨᠢᠭᠡ | ᠪᠣᠯᠤᠨ᠎ᠠ᠃ ᠬᠤᠶᠢᠰᠢᠳᠠ ᠤᠯᠠᠷᠢᠯ ᠪᠦᠷᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠷᠠᠨ ᠪᠢᠴᠢᠯᠭᠡ ᠤᠷᠠᠨ | ᠵᠢᠷᠤᠭ ᠤᠨ ᠴᠣᠭᠯᠠᠭᠠᠨ ᠢ ᠡᠷᠬᠢᠯᠡᠵᠦ᠂ ᠰᠢᠶᠠᠨ ᠤ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠲᠤ | ᠰᠤᠷᠤᠯᠴᠠᠵᠤ ᠰᠣᠯᠢᠯᠴᠠᠬᠤ ᠲᠠᠪᠴᠠᠩ ᠢ ᠬᠠᠩᠭᠠᠵᠤ᠂ ᠰᠣᠶᠣᠯ ᠤᠷᠠᠯᠢᠭ ᠢ ᠤᠯᠠᠮᠵᠢᠯᠠᠨ ᠵᠠᠯᠭᠠᠮᠵᠢᠯᠠᠵᠤ᠂ ᠰᠠᠶᠢᠨ | ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠰᠢᠶᠠᠨ ᠤ ᠰᠣᠶᠣᠯ ᠤᠷᠠᠯᠢᠭ ᠤᠨ ᠬᠢᠷᠢ | ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠠᠬᠢᠭᠤᠯᠵᠤ᠂ ᠮᠠᠨ ᠤ ᠰᠢᠶᠠᠨ ᠤ ᠥᠷᠭᠡᠨ ᠤᠯᠠᠨ ᠠᠵᠢᠯᠲᠠᠨ | ᠠᠵᠢᠯᠴᠢᠨ ᠣᠯᠠᠨ ᠲᠦᠮᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠪᠣᠯᠤᠨ᠎ᠠ᠃ | | | | ᠣᠷᠴᠢᠭᠤᠯᠣᠭᠴᠢ᠄ ᠰᠣᠷᠭᠤᠭ | | | | | | |