ᠰᠢᠩ ᠾᠧ ᠰᠢᠶᠠᠨ ᠤ ᠤᠷᠠᠨ ᠵᠢᠷᠤᠭ ᠤᠨ ᠣᠷᠳᠣᠨ ᠨᠢ ᠵᠢᠷᠭᠤᠳᠤᠭᠠᠷ ᠬᠤᠭᠤᠴᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠴᠣᠭᠯᠠᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2020-05-12
     5 ᠰᠠᠷ᠎ᠠ ᠶᠢᠨ 10 ᠤ ᠡᠳᠦᠷ᠂ ᠰᠢᠩ ᠾᠧ ᠰᠢᠶᠠᠨ ᠤ ᠤᠷᠠᠨ ᠵᠢᠷᠤᠭ ᠤᠨ ᠣᠷᠳᠣᠨ ᠳᠤ ᠵᠢᠷᠭᠤᠳᠤᠭᠠᠷ ᠬᠤᠭᠤᠴᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠴᠣᠭᠯᠠᠭᠠᠨ ᠢ ᠡᠷᠬᠢᠯᠡᠵᠤ᠂ ᠪᠦᠬᠦ ᠰᠢᠶᠠᠨ ᠤ 25 ᠨᠡᠷ᠎ᠡ ᠤᠷᠠᠨ ᠪᠢᠴᠢᠯᠭᠡ ᠤᠷᠠᠨ ᠵᠢᠷᠤᠭ ᠤᠨ ᠰᠣᠨᠢᠷᠬᠠᠭᠴᠢᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠤᠷᠠᠨ ᠪᠢᠴᠢᠯᠭᠡ ᠤᠷᠠᠨ ᠵᠢᠷᠤᠭ ᠤᠨ ᠠᠵᠢᠯᠲᠠᠳ ᠪᠣᠯᠤᠨ ᠰᠣᠨᠢᠷᠬᠠᠭᠴᠢᠳ ᠨᠢᠭᠡ ᠲᠠᠩᠬᠢᠮ ᠳᠤ ᠴᠤᠭᠯᠠᠷᠠᠵᠤ᠂ 30 ᠭᠠᠷᠤᠶ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠵᠣᠬᠢᠶᠠᠨ ᠪᠦᠲᠦᠭᠡᠪᠡ᠃
     ᠣᠳᠣᠬᠠᠨ ᠳᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠬᠤ ᠲᠠᠰᠢᠷᠠᠮ ᠳᠤ ᠰᠢᠩ ᠾᠧ ᠰᠢᠶᠠᠨ ᠤ ᠰᠣᠶᠣᠯ ᠪᠣᠯᠤᠨ ᠵᠢᠭᠤᠯᠴᠢᠯᠠᠯ ᠤᠨ ᠲᠣᠪᠴᠢᠶ᠎ᠠ ᠨᠢ ᠰᠣᠶᠣᠯ ᠤᠷᠠᠯᠢᠭ ᠤᠨ ᠬᠦᠴᠦᠨ ᠢᠶᠠᠷ ᠦᠨᠳᠦᠰᠦᠲᠡᠨ ᠤ ᠵᠣᠷᠢᠭ ᠰᠠᠨᠠᠭ᠎ᠠ ᠶᠢ ᠬᠥᠪᠴᠢᠯᠡᠨ᠂ ᠰᠣᠶᠣᠯ ᠤᠨ ᠬᠦᠴᠦᠨ ᠢᠶᠠᠷ ᠬᠢᠵᠢᠭ ᠢ ᠡᠰᠡᠷᠭᠦᠴᠡᠬᠦ ᠳᠠᠶᠢᠨ ᠳᠤ ᠬᠦᠴᠦᠨ ᠨᠡᠮᠡᠷᠢᠯᠡᠵᠦ᠂ ᠣᠯᠠᠨ ᠳᠤ ᠬᠠᠷᠢᠯᠴᠠᠨ ᠰᠣᠷᠣᠯᠴᠠᠬᠤ᠂ ᠤᠷ᠎ᠠ ᠮᠡᠷᠭᠡᠰᠢᠯ ᠵᠢᠴᠢ ᠣᠯᠤᠯᠲᠠ ᠪᠠᠨ ᠰᠣᠯᠢᠯᠴᠠᠬᠤ ᠲᠠᠪᠴᠠᠩ ᠢ ᠬᠠᠩᠭᠠᠵᠣ᠂ ᠤᠷᠠᠨ ᠪᠢᠴᠢᠯᠭᠡ ᠤᠷᠠᠨ ᠵᠢᠷᠤᠭ ᠤᠨ ᠬᠢᠨ ᠤ ᠰᠢᠨ᠎ᠡ ᠬᠠᠭᠤᠴᠢᠨ ᠨᠠᠶᠢᠵᠠ ᠨᠠᠷ ᠪᠣᠯᠤᠨ ᠪᠦᠬᠦ ᠰᠢᠶᠠᠨ ᠤ ᠡᠯ᠎ᠡ ᠦᠨᠳᠦᠰᠦᠲᠡᠨ ᠤ ᠣᠯᠠᠨ ᠲᠦᠮᠡᠨ ᠳᠤ ᠨᠢᠭᠡ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠢ ᠳᠡᠯᠭᠡᠨ ᠦᠵᠡᠭᠦᠯᠬᠦ ᠦᠪᠡᠳᠡᠭᠰᠢ ᠶᠡᠭᠡ ᠳᠠᠶᠢᠯᠠᠯᠭ᠎ᠠ ᠶᠢ ᠬᠠᠩᠭᠠᠵᠡᠢ᠃      ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠴᠤᠭᠯᠠᠭᠠᠨ ᠪᠣᠯ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ︽ᠬᠢᠵᠢᠭ ᠢ ᠡᠰᠡᠷᠭᠦᠴᠡᠬᠦ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠃ ᠬᠤᠶᠢᠰᠢᠳᠠ ᠤᠯᠠᠷᠢᠯ ᠪᠦᠷᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠷᠠᠨ ᠪᠢᠴᠢᠯᠭᠡ ᠤᠷᠠᠨ ᠵᠢᠷᠤᠭ ᠤᠨ ᠴᠣᠭᠯᠠᠭᠠᠨ ᠢ ᠡᠷᠬᠢᠯᠡᠵᠦ᠂ ᠰᠢᠶᠠᠨ ᠤ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠲᠤ ᠰᠤᠷᠤᠯᠴᠠᠵᠤ ᠰᠣᠯᠢᠯᠴᠠᠬᠤ ᠲᠠᠪᠴᠠᠩ ᠢ ᠬᠠᠩᠭᠠᠵᠤ᠂ ᠰᠣᠶᠣᠯ ᠤᠷᠠᠯᠢᠭ ᠢ ᠤᠯᠠᠮᠵᠢᠯᠠᠨ ᠵᠠᠯᠭᠠᠮᠵᠢᠯᠠᠵᠤ᠂ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠰᠢᠶᠠᠨ ᠤ ᠰᠣᠶᠣᠯ ᠤᠷᠠᠯᠢᠭ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠠᠬᠢᠭᠤᠯᠵᠤ᠂ ᠮᠠᠨ ᠤ ᠰᠢᠶᠠᠨ ᠤ ᠥᠷᠭᠡᠨ ᠤᠯᠠᠨ ᠠᠵᠢᠯᠲᠠᠨ ᠠᠵᠢᠯᠴᠢᠨ ᠣᠯᠠᠨ ᠲᠦᠮᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠪᠣᠯᠤᠨ᠎ᠠ᠃                                                         ᠣᠷᠴᠢᠭᠤᠯᠣᠭᠴᠢ᠄ ᠰᠣᠷᠭᠤᠭ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3