2020 ᠣᠨ ᠤ 4 ᠳ᠋ᠦᠭᠡᠷ ᠰᠠᠷ᠎ᠠ ᠳᠠᠬᠢ ᠰᠢᠩ ᠾᠧ ᠰᠢᠶᠠᠨ ᠤ ᠭᠤᠤᠯ ᠪᠣᠯᠬᠤ ᠠᠵᠤ ᠠᠬᠤᠶ ᠶᠢᠨ ᠵᠢᠭᠠᠯᠲᠠ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020-05-18
     4 ᠰᠠᠷ᠎ᠠ ᠳᠤ᠂ ᠵᠢᠱᠢᠯᠲᠡ ᠪᠠᠷ ᠰᠢᠩ ᠾᠧ ᠰᠢᠶᠠᠨ ᠤ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠲᠡᠭ ᠢ 10.09 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠤᠰ ᠲᠤᠰ ᠨᠢᠭᠡᠳᠦᠭᠡᠷ ᠠᠵᠤ ᠦᠢᠯᠡᠰ ᠨᠢ 1.39 ᠳ᠋ᠦᠩᠰᠢᠭᠤᠷ ᠲᠥᠭᠦ‌‍ᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 1.8% ᠪᠠᠷ ᠨᠡᠮᠡᠭᠳᠡᠪᠡ᠂ ᠬᠤᠶᠠᠳᠤᠭᠠᠷ ᠠᠵᠤ ᠦᠢᠯᠡᠰ ᠨᠢ 4.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 7.5% ᠪᠠᠷ ᠨᠡᠮᠡᠭᠳᠡᠪᠡ᠂ ᠭᠤᠷᠪᠠᠳᠤᠭᠠᠷ ᠠᠵᠤ ᠦᠢᠯᠡᠰ ᠨᠢ 4.56 ᠳ᠋ᠦᠩᠰᠢᠭᠤᠷ ᠲᠥᠭᠦᠷᠢᠭ ᠲᠤ ᠬᠦᠷᠪᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠶ ᠦᠷᠲᠡᠭ ᠢ 19.41 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠠᠴᠠ 7.8% ᠪᠠᠷ ᠨᠡᠮᠡᠭᠳᠡᠪᠡ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 4.87 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠠᠴᠠ 7.5% ᠪᠠᠷ ᠨᠡᠮᠡᠭᠳᠡᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠨᠢ 10.82 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠲᠣᠰ 10279 ᠲᠥᠭᠦᠷᠢᠭ ᠪᠠ 3727 ᠲᠥᠭᠦᠷᠢᠭ ᠬᠦᠷᠪᠡ᠂ ᠨᠢᠭᠡᠴᠡ ᠳᠤ ᠠᠵᠢᠯᠯᠠᠵᠤ ᠪᠠᠶᠢᠭ᠎ᠠ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠨᠢ 14486 ᠲᠥᠭᠦᠷᠢᠭ ᠬᠦᠷᠪᠡ᠂ 4 ᠰᠠᠷ᠎ᠠ ᠳᠤ᠂ ᠰᠢᠩ ᠾᠧ ᠰᠢᠶᠠᠨ ᠤ ᠠᠵᠤ ᠠᠬᠤᠢ ᠶᠢᠨ ᠬᠡᠳᠦᠨ ᠲᠦᠷᠦᠯ ᠤᠨ ᠭᠤᠣᠯ ᠵᠢᠭᠠᠯᠲᠠ ᠲᠤᠭ᠎ᠠ ᠨᠢ ᠴᠥᠮ ᠨᠡᠮᠡᠭᠳᠡᠵᠦ᠂ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ᠂ ᠡᠨᠡ ᠨᠢ ᠰᠢᠩ ᠾᠧ ᠰᠢᠶᠠᠨ ᠤ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠤ ᠠᠬᠤᠶ ᠶᠢᠨ ᠡᠷᠬᠢᠯᠲᠡ ᠶᠡᠷᠦᠩᠬᠡᠶ ᠳᠡᠭᠡᠨ ᠰᠠᠶᠢᠨ ᠪᠠᠶᠢᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠨᠢ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠭᠰᠡᠨ ᠢ ᠬᠠᠷᠠᠭᠤᠯᠵᠦ ᠪᠠᠶᠢᠪᠠ᠃                                                ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3