︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︿ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠭᠤᠷᠪᠠᠨ  ᠵᠤᠶᠢᠯ ᠤᠨ ᠳᠦᠷᠢᠮ ᠢ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2020/5/8
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠄      ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︿ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠤᠳᠤᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠲᠦᠷᠢᠮ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠭᠤᠷᠪᠠᠨ ᠵᠤᠶᠢᠯ ᠤᠨ ᠲᠦᠷᠢᠮ ᠢ ᠬᠡᠷᠡᠭᠵᠢᠭᠦᠯᠬᠦ ᠰᠠᠨᠠᠯ︾᠎ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃      ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ         2020 ᠣᠨ ᠤ 5 ᠰᠠᠷ᠎ᠠ ᠶᠢᠨ 8᠎ ᠤ ᠡᠳᠦᠷ        ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ      ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠵᠡᠷᠭᠡ ᠭᠤᠷᠪᠠᠨ ᠵᠤᠶᠢᠯ ᠤᠨ ᠳᠦᠷᠢᠮ  ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ      ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠨᠡᠶᠢᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ﹇244 ᠳ᠋ᠦᠭᠡᠷ ᠲᠣᠭᠠᠲᠤ︶︶᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠤᠬᠠᠶ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠯᠪᠠᠨ  ᠲᠠᠷᠬᠠᠭᠠᠭᠰᠠᠨ ﹇2020﹈ 4 ᠳ᠋ᠦᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠩ ᠾᠧ ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠲᠣᠰ ᠬᠡᠷᠡᠭᠵᠢᠭᠦᠯᠬᠦ ᠰᠠᠨᠠᠯ ᠢ ᠲᠤᠭᠲᠠᠭᠠᠪᠠ  ᠃        ᠨᠢᠭᠡ᠂ ᠦᠨᠳᠦᠰᠦᠨ ᠵᠠᠷᠴᠢᠮ      ︵ᠨᠢᠭᠡ︶ ᠰᠢᠨᠵᠢᠯᠡᠬᠦ ᠤᠬᠠᠭᠠᠨᠴᠢ ᠪᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ ᠵᠠᠷᠴᠢᠮ᠃ ᠡᠷᠬᠡᠪᠰᠢ ᠪᠤᠰᠤᠳᠴᠢ ᠵᠢᠮ᠎ᠡ ᠶᠣᠰᠣ ᠶᠢ ᠬᠦᠨᠳᠦᠳᠬᠡᠵᠦ᠂ ᠪᠣᠳᠠᠲᠤ ᠪᠠᠶᠢᠳᠠᠯ ᠢ ᠦᠨᠳᠦᠰᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠷᠭ᠎ᠠ ᠶᠢ ᠬᠡᠷᠡᠭᠯᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠲᠣᠳᠣ᠂ ᠬᠠᠤᠯᠢ ᠶᠣᠰᠣᠨ ᠤ ᠵᠢᠷᠤᠮᠵᠢᠯ ᠲᠠᠢ ᠪᠠᠶᠢᠯᠭᠠᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠶ ᠨᠠᠶᠢᠭᠡᠮ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠭᠦᠭᠵᠢᠯᠲᠡ᠂ ᠥᠭᠡᠷᠡᠴᠢᠯᠡᠯᠲᠡ ᠪᠠ ᠲᠣᠭᠲᠠᠭᠤᠨ ᠪᠠᠶᠢᠳᠠᠯ ᠳᠤ ᠵᠣᠬᠢᠴᠠᠭᠤᠯᠤᠨ᠎ᠠ᠃      ︵ᠬᠤᠶᠠᠷ︶ ᠠᠷᠠᠳᠴᠢᠯᠠᠯ ᠢᠶᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ ᠵᠠᠷᠴᠢᠮ᠃ ᠡᠷᠬᠡᠪᠰᠢ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠪᠠᠷᠢᠮᠲᠠᠯᠠᠵᠤ᠂ ᠬᠠᠮᠲᠤᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠂ ᠲᠤᠰᠬᠠᠶ ᠶᠠᠷᠢᠯᠴᠠᠬᠤ᠂ ᠣᠯᠠᠨ ᠨᠡᠶᠢᠲᠡ ᠪᠠᠷ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠬᠤᠷᠠᠯ ᠢᠶᠠᠷ ᠲᠣᠭᠲᠠᠭᠠᠬᠤ ᠵᠡᠷᠭᠡ ᠵᠠᠷᠴᠢᠮ ᠤᠨ ᠶᠣᠰᠣ ᠭᠠᠷ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ︾ ᠵᠡᠷᠭᠡ ᠵᠤᠶᠢᠯᠡᠰ ᠤᠨ ᠰᠢᠢᠳᠪᠤᠷᠢᠲᠤ ᠪᠣᠳᠣᠯᠭ᠎ᠠ ᠲᠣᠭᠲᠠᠭᠠᠬᠤ ᠶᠢᠨ ᠠᠷᠠᠳᠴᠢᠯᠠᠯᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠰᠠᠬᠢᠯᠭ᠎ᠠ ᠪᠠᠲᠤ ᠳᠦᠷᠢᠮ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠤᠷᠢᠲᠤ ᠪᠣᠳᠣᠯᠭ᠎ᠠ ᠲᠤᠭᠲᠠᠭᠠᠬᠤ ᠵᠠᠷᠴᠢᠮ᠃ ᠡᠷᠬᠡᠪᠰᠢ ᠤᠯᠤᠰ ᠠᠴᠠ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠶᠣᠰᠣᠭᠠᠷ ᠵᠢᠷᠤᠮᠵᠢᠭᠤᠨ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠰᠠᠬᠢᠯᠭ᠎ᠠ ᠪᠠᠲᠤ ᠶᠢ ᠵᠢᠷᠤᠮᠯᠠᠵᠤ᠂ ᠰᠢᠢᠳᠪᠤᠷᠢᠲᠤ ᠪᠣᠳᠣᠯᠭ᠎ᠠ ᠲᠣᠭᠲᠠᠭᠠᠬᠤ ᠡᠷᠬᠡ ᠶᠢ ᠬᠠᠤᠯᠢ ᠶᠢᠨ ᠦᠨᠳᠦᠰᠦᠯᠡᠯ ᠲᠠᠢ᠃ ᠰᠢᠢᠳᠪᠤᠷᠢᠲᠤ ᠪᠣᠳᠣᠯᠭ᠎ᠠ ᠲᠣᠭᠲᠠᠭᠠᠬᠤ ᠤᠶᠢᠯᠡ ᠠᠵᠢᠯᠯᠠᠭ᠎ᠠ ᠶᠢ ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠡᠷᠡᠭᠵᠢᠭᠦᠯᠦᠨ᠎ᠡ᠃        ᠬᠤᠶᠠᠷ᠂ ᠬᠡᠷᠡᠭᠵᠢᠭᠦᠯᠬᠦ ᠰᠠᠨᠠᠯ       ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ      ᠨᠢᠭᠡᠳᠦᠭᠡᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠶᠢᠨ ᠵᠤᠶᠢᠯᠡᠰ ᠤᠨ ᠭᠠᠷᠴᠠᠭ᠂ ᠪᠠᠷᠢᠮᠵᠢᠶ᠎ᠠ      1᠃ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦ ᠰᠢᠶᠠᠨ ᠤ ᠣᠯᠠᠨ ᠨᠡᠶᠢᠲᠡ ᠶᠢᠨ ᠤᠶᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠠᠶᠢᠭᠡᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠄      ︵1︶ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂  ᠬᠦᠳᠡᠯᠮᠦᠷᠢ ᠠᠵᠢᠯ ᠣᠯᠭᠤᠯᠲᠠ᠂ ᠰᠤᠷᠭᠠᠨ ᠬᠥᠮᠦᠵᠢᠯ᠂ ᠰᠣᠶᠣᠯ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ︔      ︵2︶ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ᠂ ᠢᠳᠡᠭᠡᠨ ᠤ ᠵᠤᠶᠢᠯ ᠡᠮ ᠤᠨ ᠵᠤᠶᠢᠯ ᠤᠨ ᠠᠮᠤᠷ ᠲᠤ ᠪᠰᠢᠨ ᠵᠡᠷᠭᠡ ᠲᠠᠯ᠎ᠠ ᠪᠠᠷ︔      ︵3︶ ᠤᠯᠠᠨ ᠨᠡᠶᠢᠲᠡ ᠶᠢᠨ ᠠᠮᠤᠷ ᠲᠦᠪᠰᠢᠨ᠂ ᠠᠶᠤᠯᠭᠦᠶ ᠤᠶᠢᠯᠳᠪᠤᠷᠢᠯᠡᠯ᠂ ᠵᠠᠮ ᠲᠡᠭᠡᠭᠡᠪᠦᠷᠢ ᠵᠡᠷᠭᠡ ᠲᠠᠯ᠎ᠠ ᠪᠠᠷ︔      ︵4︶ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠬᠤ ᠵᠡᠷᠭᠡ ᠲᠠᠯ᠎ᠠ ᠪᠠᠷ᠃      2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠪᠦᠬᠦ ᠰᠢᠶᠠᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠲᠦᠯᠦᠪᠵᠢᠭᠦᠯᠭᠡ ᠳᠤ ᠳᠣᠤᠷᠠᠬᠢ ᠵᠤᠶᠢᠯᠡᠰ ᠪᠠᠭᠲᠠᠨ᠎ᠠ᠄      ︵1︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ︔      ︵2︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ︔      ︵3︶ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠵᠤ ᠤᠶᠢᠯᠡᠰ ᠤᠨ ᠬᠥᠭᠵᠢᠯᠲᠡ ᠵᠡᠷᠭᠡ ᠲᠤᠰᠬᠠᠶ ᠲᠥᠯᠥᠪᠵᠢᠭᠦᠯᠭᠡ︔      ︵4︶ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠲᠥᠯᠥᠪᠵᠢᠭᠦᠯᠭᠡ᠃      3᠃ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠴᠢᠬᠤᠯᠠ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠵᠡᠷᠭᠡ ᠲᠠᠯ᠎ᠠ ᠳᠤ ᠬᠤᠯᠪᠤᠭᠳᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠳᠤ ᠪᠠᠭᠲᠠᠬᠤ ᠨᠢ᠄      ︵1︶ ᠳᠡᠯᠡᠬᠡᠶ ᠶᠢᠨ ᠰᠣᠶᠣᠯ ᠤᠨ ᠦᠯᠡᠳᠡᠭᠳᠡᠵᠦ ᠭᠠᠷᠤᠭᠰᠠᠨ ᠭᠠᠵᠠᠷ ᠢ ᠬᠠᠮᠠᠭᠠᠯᠠᠬᠤ ᠲᠠᠯ᠎ᠠ ᠪᠠᠷ︔      ︵2︶ ᠤᠯᠤᠰ ᠤᠨ ᠲᠠᠰ᠂ ᠮᠤᠵᠢ ᠶᠢᠨ ᠲᠠᠰ ᠤᠨ ᠠᠯᠳᠠᠷᠲᠤ ᠦᠵᠡᠮᠵᠢ ᠶᠢᠨ ᠣᠷᠣᠨ ᠢ ᠬᠠᠮᠠᠭᠠᠯᠠᠵᠤ ᠨᠡᠭᠡᠭᠡᠨ ᠭᠦᠭᠵᠢᠭᠦᠯᠬᠦ ᠲᠠᠯ᠎ᠠ ᠪᠠᠷ︔      ︵3︶ ᠪᠤᠰᠤᠳ ᠴᠢᠬᠤᠯᠠ ᠭᠠᠵᠠᠷ ᠰᠢᠷᠣᠶ᠂ ᠤᠢ ᠰᠢᠭᠤᠶ ᠡᠪᠡᠰᠦ᠂ ᠤᠰᠤᠨ ᠤ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠲᠠᠯ᠎ᠠ ᠪᠠᠷ᠃      4᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠬᠤ ᠴᠢᠬᠤᠯᠠ ᠲᠠᠢ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠰᠢᠶᠠᠨ ᠤ ᠱᠠᠲᠤᠨ ᠠᠴᠠ ᠳᠡᠭᠡᠭᠰᠢᠬᠢ ᠭᠤᠤᠯᠳᠠᠯᠭ᠎ᠠ ᠲᠠᠢ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ᠃       5᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠤᠶᠢᠯᠡᠰ᠃       ᠬᠤᠶᠠᠳᠤᠭᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠤᠳᠤᠯᠭ᠎ᠠ ᠲᠣᠭᠲᠠᠭᠠᠬᠤ ᠵᠢᠷᠤᠮ ᠤᠨ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠶ      ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠤᠳ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠲᠠᠪᠤᠨ ᠶᠡᠭᠡ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃      ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠲᠥᠰᠦᠯ ᠢ ᠪᠦᠷᠢᠯᠳᠦᠭᠦᠯᠬᠦ ᠶᠠᠪᠤᠴᠠ ᠳᠤ᠂ ᠬᠠᠤᠯᠢ ᠶᠣᠰᠣᠭᠠᠷ ᠢᠯᠡ ᠪᠣᠯᠭᠠᠬᠤ ᠥᠬᠡᠶ ᠰᠢᠢᠳᠪᠤᠷᠢᠲᠤ ᠪᠣᠳᠣᠯᠭ᠎ᠠ ᠶᠢᠨ ᠵᠦᠶ᠋ᠯᠡᠰ ᠢ ᠭᠠᠷᠭᠠᠪᠠᠯ᠂ ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠯ ᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ ᠰᠠᠨᠠᠯ ᠢ ᠰᠣᠨᠣᠰᠤᠨ᠎ᠠ︔ ᠲᠤᠰᠬᠠᠶ ᠮᠡᠷᠭᠡᠵᠢᠯ ᠤᠨ ᠴᠢᠨᠠᠷᠲᠠᠶ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠢᠳᠪᠤᠷᠢᠲᠤ ᠪᠤᠳᠤᠯᠭ᠎ᠠ ᠶᠢᠨ ᠵᠠᠷᠢᠮ ᠵᠤᠶᠢᠯᠡᠰ ᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠬᠤ ᠬᠡᠷᠡᠭᠲᠡᠶ︔ ᠰᠢᠢᠳᠪᠤᠷᠢᠲᠤ ᠪᠣᠳᠣᠯᠭ᠎ᠠ ᠶᠢᠨ ᠬᠡᠷᠡᠭᠵᠢᠭᠦᠯᠦᠯᠲᠡ ᠨᠢ ᠨᠡᠶᠢᠭᠡᠮ ᠤᠨ ᠲᠣᠭᠲᠠᠭᠤᠨ ︵ᠨᠡᠶᠢᠭᠡᠮ ᠤᠨ ᠶᠣᠰᠣ ᠮᠣᠷᠠᠯ ᠶᠢ ᠬᠠᠮᠠᠭᠠᠯᠠᠬᠤ ᠵᠡᠷᠭᠡ ᠪᠠᠭᠲᠠᠨ᠎ᠠ︶᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠦᠭᠡᠢ ᠨᠥᠯᠥᠭᠡ ᠦᠵᠡᠭᠦᠯᠵᠦ ᠮᠡᠳᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠤ ᠡᠷᠬᠡᠪᠰᠢ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠢ ᠪᠤᠶᠤ ᠬᠢᠨᠠᠨ ᠪᠠᠶᠢᠴᠠᠭᠠᠭᠠᠳ ᠬᠠᠤᠯᠢ ᠳᠤ ᠨᠡᠶᠢᠴᠡᠬᠦ ᠦᠭᠡᠢ ᠪᠠᠶᠢᠪᠠᠯ᠂ ᠰᠢᠢᠳᠪᠤᠷᠢᠲᠤ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠳᠡᠪᠰᠢᠭᠦᠯᠦᠨ ᠶᠠᠷᠢᠯᠴᠠᠭᠤᠯᠵᠤ ᠪᠣᠯᠬᠤ ᠦᠭᠡᠢ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠤ ᠰᠢᠢᠳᠪᠤᠷᠢᠲᠤ ᠪᠣᠳᠣᠯᠭ᠎ᠠ ᠲᠤᠭᠲᠠᠭᠠᠬᠤ ᠪᠠᠶᠢᠭᠤᠯᠭ᠎ᠠ ᠶᠢᠨ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠶᠠᠷᠢᠯᠴᠠᠭᠤᠯᠬᠤ ᠬᠡᠷᠡᠭᠲᠡᠶ᠃      ᠭᠤᠷᠪᠠᠳᠤᠭᠠᠷ ᠲᠤ᠂ ᠰᠢᠢᠳᠪᠤᠷᠢᠲᠤ ᠪᠤᠳᠤᠯᠭ᠎ᠠ ᠶᠢ ᠬᠡᠷᠡᠭᠵᠢᠭᠦᠯᠬᠦ ᠪᠠ ᠲᠣᠬᠢᠷᠠᠭᠤᠯᠬᠤ ᠵᠢᠷᠤᠮ      ᠰᠢᠢᠳᠪᠤᠷᠢᠲᠤ ᠪᠤᠳᠤᠯᠭ᠎ᠠ ᠶᠢ ᠬᠡᠷᠡᠭᠵᠢᠭᠦᠯᠬᠦ ᠪᠣᠯ ᠰᠢᠢᠳᠪᠤᠷᠢᠲᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠰᠡᠬᠦ ᠶᠢᠨ ᠵᠠᠩᠭᠢᠯᠠᠭ᠎ᠠ ᠮᠥᠨ᠃ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠤᠭᠤᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠶᠢ ᠲᠣᠳᠣᠷᠬᠠᠶᠢᠯᠠᠬᠤ ᠶᠢᠨ ᠬᠠᠮᠲᠤ ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠶᠢ ᠬᠠᠤᠯᠢ ᠶᠣᠰᠣᠭᠠᠷ ᠪᠦᠬᠦ ᠲᠠᠯ᠎ᠠ ᠪᠠᠷ᠂ ᠴᠠᠭ ᠲᠤᠬᠠᠶ ᠳᠤᠨᠢ᠂ ᠵᠥᠪ ᠣᠨᠣᠪᠴᠢᠲᠠᠶ ᠬᠡᠷᠡᠭᠵᠢᠭᠦᠯᠬᠦ ᠶᠢᠨ ᠬᠠᠮᠲᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠᠶᠢᠭᠤᠯᠤᠯᠭ᠎ᠠ ᠳᠤ ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠬᠠᠤᠯᠢ ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠤᠳᠤᠯᠭ᠎ᠠ ᠶᠢ ᠬᠠᠤᠯᠢ ᠪᠠᠷ ᠲᠣᠭᠲᠠᠭᠠᠭᠰᠠᠨ ᠵᠢᠷᠤᠮ ᠢ ᠳᠠᠮᠵᠢᠬᠤ ᠦᠭᠡᠢ ᠪᠠᠷ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠪᠠᠨ ᠵᠣᠭᠰᠣᠭᠠᠵᠤ ᠪᠣᠯᠬᠤ ᠦᠭᠡᠢ︔ ᠴᠢᠬᠤᠯᠠ ᠶᠡᠭᠡ ᠲᠤᠬᠢᠷᠠᠭᠤᠯᠤᠯᠲᠠ ᠬᠢᠬᠦ ᠴᠢᠬᠤᠯᠠᠲᠠᠶ ᠪᠠᠶᠢᠪᠠᠯ᠂ ᠬᠤᠯᠪᠣᠭᠳᠠᠯ ᠪᠦᠬᠦᠢ ᠬᠠᠤᠯᠢ ᠪᠠᠷ ᠲᠣᠭᠲᠠᠭᠠᠭᠰᠠᠨ ᠵᠢᠷᠤᠮ ᠢ ᠭᠦᠢᠴᠡᠳᠭᠡᠬᠦ ᠬᠡᠷᠡᠭᠲᠡᠶ᠃ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠᠶᠢᠭᠤᠯᠭ᠎ᠠ ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠪᠠ ᠰᠢᠢᠳᠪᠤᠷᠢᠲᠤ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠢᠳᠪᠤᠷᠢᠲᠤ ᠪᠣᠳᠣᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠳᠠᠯ ᠭᠠᠷᠪᠠᠯ᠂ ᠰᠢᠢᠳᠪᠤᠷᠢᠲᠤ ᠪᠤᠳᠤᠯᠭ᠎ᠠ ᠳᠤ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠴᠠᠭ ᠲᠤᠬᠠᠶ ᠳᠤᠨᠢ ᠡᠬᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠶᠢ ᠨᠡᠩ ᠰᠠᠶᠢᠲᠤᠷ ᠬᠠᠮᠠᠭᠠᠯᠠᠨ᠎ᠠ᠃      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ ᠪᠣᠯᠤᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤ ᠴᠠ ᠶᠢᠨ ᠲᠡᠮᠳᠡᠭᠯᠡᠯ ᠪᠠ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠶᠣᠰᠣᠭᠠᠷ ᠵᠢᠷᠤᠮᠵᠢᠭᠤᠯᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠪᠣᠳᠠᠲᠠᠶ ᠶᠢ ᠡᠷᠬᠢᠮᠯᠡᠨ ᠦᠡᠳᠤᠷ ᠪᠦᠲᠦᠮᠵᠢᠲᠡᠶ ᠪᠠᠶᠢᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠨᠢᠭᠡᠳᠦᠯᠲᠡᠶ ᠲᠥᠯᠥᠪᠯᠡᠨ ᠵᠤᠬᠢᠴᠠᠭᠤᠯᠬᠤ ᠪᠠᠷ ᠵᠠᠷᠴᠢᠮ ᠪᠣᠯᠭᠠᠬᠤ ᠶᠢ ᠪᠠᠷᠢᠮᠲᠠᠯᠠᠵᠤ᠂ ᠮᠠᠨ ᠤ ᠰᠢᠶᠠᠨ ᠤ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷ ᠡᠭᠵᠢᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃      ᠨᠢᠭᠡᠳᠦᠭᠡᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠭᠡᠳᠡᠭ ᠨᠢ ᠵᠣᠬᠢᠬᠤ ᠠᠴᠢᠶᠠᠯᠠᠪᠤᠷᠢ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠭᠤᠣᠯ ᠴᠣᠭᠴᠠ᠂ ᠠᠵᠢᠯᠲᠠᠨ᠂ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠢᠵᠠᠭᠠᠷ᠂ ᠦᠨᠳᠦᠰᠦ ᠪᠠᠷᠢᠮᠲᠠ᠂ ᠳᠡᠰ ᠳᠠᠷᠠᠭᠠᠯᠠᠯ᠂ ᠦᠷ᠎ᠡ ᠳ᠋ᠦᠩ᠂  ᠬᠢᠨᠠᠯᠲᠠ ᠲᠠᠯᠪᠢᠬᠤ ᠠᠷᠭ᠎ᠠ ᠮᠠᠶ᠋ᠢᠭ᠂ ᠲᠡᠳᠬᠦᠬᠦ ᠠᠷᠭ᠎ᠠ ᠵᠠᠮ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠣᠯᠭᠠᠨ᠎ᠠ᠃ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠠ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ᠂ ᠲᠡᠳᠬᠦᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠡᠭᠦᠨ ᠳᠤ ᠭᠤᠤᠯᠳᠠᠭᠤ ᠳᠣᠤᠷᠠᠬᠢ ᠵᠤᠶᠢᠯ ᠤᠳ ᠢ ᠪᠠᠭᠲᠠᠭᠠᠨ᠎ᠠ᠄      1 . ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠭᠦᠢᠴᠡᠳᠬᠡᠬᠦ ᠰᠠᠯᠠᠭ᠎ᠠ ᠮᠥᠴᠢᠷ ᠨᠢ ᠰᠢᠶᠠᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠤᠶᠤ ᠪᠤᠰᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠪᠴᠠᠩ ᠢᠶᠠᠷ ᠳᠠᠮᠵᠢᠭᠤᠯᠤᠨ ᠢᠯᠡ ᠨᠡᠶᠢᠲᠡᠯᠡᠵᠦ᠂ ᠳᠣᠤᠷᠠᠬᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠤᠯᠢ ᠶᠤᠰᠤᠭᠠᠷ ᠨᠡᠶᠢᠭᠡᠮ ᠳᠤ ᠢᠯᠡ ᠪᠣᠯᠭᠠᠨ᠎ᠠ᠄      ︵1︶ ᠬᠠᠤᠯᠢ ᠬᠡᠷᠡᠭᠵᠢᠭᠦᠯᠬᠦ ᠭᠤᠤᠯ ᠴᠣᠭᠴᠠ᠂ ᠠᠵᠢᠯᠯᠠᠬᠤ ᠭᠠᠵᠠᠷ᠂ ᠵᠠᠬᠢᠳᠠᠯ ᠨᠡᠪᠲᠡᠷᠡᠬᠦ ᠬᠠᠶ᠋ᠢᠭ᠂ ᠠᠰᠠᠭᠤᠨ ᠯᠠᠪᠯᠠᠬᠤ ᠳ᠋ᠢᠶᠠᠩᠬᠤᠸᠠ᠂ ᠬᠢᠨᠠᠯᠲᠠ ᠲᠠᠯᠪᠢᠬᠤ ᠳ᠋ᠢᠶᠠᠩᠬᠤᠸᠠ︔      ︵2︶ ᠬᠠᠤᠯᠢ ᠬᠡᠷᠡᠭᠵᠢᠭᠦᠯᠬᠦ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠤᠶᠢᠯᠡᠰ ᠤᠨ ᠨᠠᠷᠢᠨ ᠲᠠᠩᠰᠠ︔      ︵3︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠣᠪᠣᠭ ᠨᠡᠷ᠎ᠡ᠂ ᠨᠢᠭᠡᠴᠡ᠂ ᠲᠤᠰᠢᠶᠠᠯ᠂ ᠬᠡᠷᠡᠯ ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ︔      ︵4︶ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠵᠤᠶᠢᠯᠡᠰ ᠤᠨ ᠤᠶᠢᠯᠡᠴᠢᠯᠡᠬᠦ ᠡᠲᠡᠭᠡᠳ᠂ ᠭᠥᠯᠢᠶᠡᠨ ᠠᠪᠴᠤ ᠰᠢᠢᠳᠪᠤᠷᠢᠯᠡᠬᠦ ᠨᠥᠬᠦᠴᠡᠯ᠂ ᠭᠦᠢᠴᠡᠳᠭᠡᠬᠦ ᠠᠷᠭ᠎ᠠ ᠮᠠᠶ᠋ᠢᠭ᠂ ᠭᠦᠢᠴᠡᠳᠭᠡᠬᠦ ᠴᠤᠪᠤᠷᠠᠯ᠂ ᠭᠦᠶ᠋ᠴᠡᠳᠬᠡᠬᠦ ᠴᠠᠭ ᠤᠨ ᠬᠢᠵᠠᠭᠠᠷ᠂  ᠰᠤᠶᠢᠳᠭᠡᠯ ᠬᠤᠷᠢᠶᠠᠬᠤ ᠪᠠᠷᠢᠮᠵᠢᠶ᠎ᠠ᠂ ᠰᠤᠶᠢᠳᠭᠡᠯ ᠬᠤᠷᠢᠶᠠᠬᠤ ᠦᠨᠳᠦᠰᠦᠯᠡᠯ ᠵᠢᠴᠢ ᠭᠤᠶᠤᠴᠢᠯᠠᠬᠤ ᠮᠠᠲ᠋ᠧᠷᠢᠶᠠᠯ ᠤᠨ ᠭᠠᠷᠴᠠᠭ᠂ ᠬᠦᠰᠦᠨᠦᠭᠲᠦ ᠵᠡᠷᠭᠡ︔      ︵5︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ︔      ︵6︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠲᠡᠯᠡᠬᠦ ᠬᠡᠷᠡᠭᠲᠡᠶ ᠦᠨᠳᠦᠰᠦᠨ ᠮᠡᠳᠡᠭᠡ ᠵᠠᠩᠭᠢ᠃      2.ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ ᠦᠵᠡᠭᠦᠯᠬᠦ ᠬᠡᠷᠡᠭᠲᠡᠶ᠂ ᠬᠢᠨᠠᠯᠲᠠ ᠲᠠᠯᠪᠢᠵᠤ ᠪᠠᠶᠢᠴᠠᠭᠠᠬᠤ᠂ ᠪᠠᠶᠢᠴᠠᠭᠠᠵᠤ ᠭᠡᠷᠡᠴᠢ ᠠᠪᠬᠤ᠂ ᠪᠢᠴᠢᠭ ᠬᠠᠷ᠎ᠠ ᠬᠦᠷᠭᠡᠬᠦ ᠵᠡᠷᠭᠡ ᠬᠠᠤᠯᠢ ᠬᠡᠷᠡᠭᠵᠢᠭᠦᠯᠬᠦ  ᠠᠵᠢᠯᠯᠠᠭ᠎ᠠ ᠬᠢᠬᠦ ᠳᠡᠭᠡᠨ ᠲᠤᠬᠠᠶ ᠶᠢᠨ ᠬᠥᠮᠦᠨ ᠳᠤ ᠬᠠᠤᠯᠢ ᠬᠡᠷᠡᠭᠵᠢᠭᠦᠯᠬᠦ ᠤᠴᠢᠷ ᠰᠢᠯᠲᠠᠭᠠᠨ᠂ ᠬᠠᠤᠯᠢ ᠬᠡᠷᠡᠭᠵᠢᠭᠦᠯᠬᠦ ᠦᠨᠳᠦᠰᠦ ᠪᠠᠷᠢᠮᠲᠠ᠂ ᠡᠷᠬᠡ ᠡᠭᠦᠷᠭᠡ᠂ ᠠᠪᠤᠷᠠᠨ ᠲᠤᠰᠠᠯᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠬᠡᠯᠡᠵᠦ ᠥᠭᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠠᠤᠯᠢ ᠶᠣᠰᠣᠭᠠᠷ ᠭᠠᠷᠭᠠᠵᠤ ᠥᠭᠬᠦ ᠬᠡᠷᠡᠭᠲᠡᠶ᠃      3. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠡᠨ ᠬᠠᠤᠯᠢ ᠬᠡᠷᠡᠭᠵᠢᠭᠦᠯᠦᠭᠰᠡᠨ ᠪᠣᠯ ᠂ ᠬᠡᠨ ᠢᠯᠡ ᠨᠡᠶᠢᠲᠡᠯᠡᠬᠦ ᠵᠠᠷᠴᠢᠮ ᠤᠨ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠮᠡᠳᠡᠭᠡ ᠵᠠᠩᠭᠢ ᠴᠤᠭᠯᠠᠭᠤᠯᠬᠤ᠂ ᠬᠢᠨᠠᠬᠤ᠂ ᠨᠡᠶᠢᠲᠡᠯᠡᠬᠦ᠂ ᠬᠦᠴᠦᠨ ᠦᠭᠡᠶ ᠪᠣᠯᠭᠠᠬᠤ ᠪᠠ ᠰᠢᠨᠡᠳᠬᠡᠬᠦ ᠳᠦᠷᠢᠮ ᠢ ᠪᠠᠶᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠬᠦ ᠭᠤᠣᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ ᠤᠨ ᠪᠣᠳᠠᠲᠤ ᠶᠠᠪᠤᠳᠠᠯ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠢᠯᠡ ᠪᠣᠯᠭᠠᠬᠤ ᠦᠶ᠎ᠡ ᠳᠤ ᠬᠤᠯᠪᠣᠭᠳᠠᠯ ᠪᠦᠬᠦᠢ ᠪᠠᠩᠬᠢ ᠶᠢᠨ ᠲᠠᠩᠰᠠᠨ ᠨᠣᠮᠧᠷ᠂ ᠬᠥᠳᠡᠯᠬᠦ ᠬᠦᠷᠦᠩᠭᠡ ᠪᠤᠶᠤ  ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠤᠨ ᠳ᠋ᠤᠭᠠᠷ᠂ ᠨᠢᠭᠡᠴᠢ ᠪᠤᠶᠤ ᠬᠤᠪᠢ ᠬᠥᠮᠦᠨ ᠤ ᠡᠳ᠋ ᠬᠦᠷᠦᠩᠭᠡ ᠶᠢᠨ ᠪᠠᠶᠢᠳᠠᠯ ᠵᠡᠷᠭᠡ ᠲᠤᠬᠠᠶ ᠶᠢᠨ ᠬᠥᠮᠦᠨ ᠤ ᠬᠤᠪᠢ ᠬᠥᠮᠦᠨ ᠳᠤ ᠬᠤᠯᠪᠣᠭᠳᠠᠭᠰᠠᠨ ᠦᠨᠳᠦᠰᠦᠨ ᠮᠡᠳᠡᠭᠡ ᠵᠠᠩᠭᠢ ᠶᠢ ᠨᠢᠭᠤᠨ ᠳᠠᠯᠳᠠᠯᠠᠬᠤ ᠬᠡᠷᠡᠭᠲᠡᠶ᠃       4. ᠲᠤᠬᠠᠶ ᠶᠢᠨ ᠬᠥᠮᠦᠨ ᠨᠢ ᠨᠠᠰᠤᠨ ᠳᠤ ᠦᠯᠦ ᠬᠦᠷᠦᠭᠰᠡᠳ ᠪᠠᠶᠢᠵᠤ᠂ ᠤᠯᠤᠰ᠂ ᠬᠤᠳᠠᠯᠳᠤᠭ᠎ᠠ᠂ ᠬᠤᠪᠢ ᠬᠥᠮᠦᠨ ᠤ ᠨᠢᠭᠤᠴᠠ ᠪᠤᠶᠤ ᠬᠤᠪᠢ ᠶᠢᠨ ᠨᠢᠭᠤᠴᠠ ᠳᠤ ᠬᠤᠯᠪᠣᠭᠳᠠᠵᠤ᠂ ᠲᠤᠰ ᠬᠡᠷᠡᠭ ᠲᠤ ᠬᠤᠯᠪᠣᠭᠳᠠᠬᠤ ᠪᠤᠰᠤᠳ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠨᠥᠯᠥᠭᠡᠯᠡᠵᠦ ᠮᠡᠳᠡᠬᠦ᠂ ᠬᠡᠷᠡᠭ ᠶᠠᠯ᠎ᠠ ᠬᠢᠭᠰᠡᠨ ᠢᠶᠠᠷ ᠰᠡᠵᠢᠭᠯᠡᠭᠳᠡᠬᠦ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠬᠦ ᠴᠢᠬᠤᠯᠠᠲᠠᠢ ᠪᠤᠶᠤ ᠶᠠᠭ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠶᠢᠴᠠᠭᠠᠨ ᠰᠢᠢᠳᠪᠦᠷᠢᠯᠡᠵᠦ ᠪᠠᠶᠢᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠢᠯᠡ ᠪᠣᠯᠭᠠᠬᠤ ᠥᠬᠡᠶ ᠭᠡᠵᠦ ᠲᠣᠭᠲᠠᠭᠠᠭᠰᠠᠨ ᠪᠤᠰᠤᠳ ᠪᠠᠶᠢᠳᠠᠯ ᠢ ᠢᠯᠡ ᠪᠣᠯᠭᠠᠬᠤ ᠥᠬᠡᠶ᠃       5. ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠬᠤ ᠬᠡᠷᠡᠭᠲᠡᠶ᠂ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠬᠤ ᠬᠡᠷᠡᠭᠲᠡᠶ᠃ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠳᠤ ᠢᠯᠡ ᠪᠣᠯᠭᠠᠬᠤ ᠬᠤᠭᠤᠴᠠᠭᠠᠨ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ  ᠢ ᠵᠢᠷᠤᠮᠯᠠᠨ᠎ᠠ᠃       6. ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠬᠤᠯᠪᠣᠭᠳᠠᠯ ᠪᠦᠬᠦᠢ ᠦᠨᠳᠦᠰᠦ ᠪᠠᠷᠢᠮᠲᠠ᠂ ᠭᠡᠷᠡᠴᠢ ᠪᠠᠷᠢᠮᠲᠠ ᠳᠤ᠂ ᠭᠡᠷᠡᠴᠢᠯᠡᠭᠡ ᠰᠣᠨᠣᠰᠬᠤ᠂ ᠦᠨᠡᠯᠡᠨ ᠵᠢᠱᠢᠬᠦ ᠪᠠᠷ ᠳᠠᠮᠵᠢᠭᠠᠳ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ᠂ ᠦᠨᠡᠯᠡᠨ ᠵᠢᠱᠢᠭᠰᠡᠨ ᠮᠡᠳᠡᠭᠦᠯᠦᠯᠲᠡ ᠵᠢᠴᠢ ᠲᠤᠰᠢᠶᠠᠬᠤ ᠶᠣᠰᠣᠲᠠᠶ ᠪᠤᠰᠤᠳ ᠮᠠᠲ᠋ᠧᠷᠢᠶᠠᠯ ᠢ ᠲᠤᠰᠢᠶᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠨᠢᠭᠡᠨᠲᠡ ᠢᠯᠡ ᠪᠣᠯᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ᠂ ᠬᠠᠤᠯᠢ ᠠᠴᠠ ᠵᠥᠷᠢᠴᠡᠭᠰᠡᠨ ᠢᠶᠠᠷ ᠨᠤᠲᠠᠯᠠᠭᠳᠠᠭᠰᠠᠨ ᠪᠤᠶᠤ ᠳᠠᠬᠢᠨ ᠰᠢᠨ᠎ᠡ ᠪᠠᠷ ᠭᠠᠷᠭᠠᠬᠤ ᠪᠠᠷ ᠱᠠᠭᠠᠷᠳᠠᠭᠰᠠᠨ ᠪᠠᠶᠢᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠳᠠᠷᠦ᠋ᠢᠬᠠᠨ ᠬᠦᠴᠦᠨ ᠦᠭᠡᠶ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠦᠷᠢᠳᠬᠡᠯ ᠤᠨ ᠤᠨ ᠮᠡᠳᠡᠭᠦᠯᠬᠦ ᠳᠦᠷᠢᠮ ᠢ ᠪᠠᠶᠢᠭᠤᠯᠵᠤ᠂ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠭᠤᠴᠢᠨ ᠨᠢᠭᠡᠨ ᠤ ᠡᠳᠦᠷ ᠠᠴᠠ ᠡᠮᠦᠨ᠎ᠡ ᠠᠳᠠᠯᠢ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠭᠡᠷ᠎ᠡ ᠵᠢᠯ ᠤᠨ ᠪᠠᠶᠢᠳᠠᠯ ᠵᠢᠴᠢ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠷᠢᠶᠠᠩᠭᠤᠶᠢᠯᠠᠨ ᠵᠠᠳᠠᠯᠤᠭᠰᠠᠨ ᠤ ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠤᠶᠠᠳᠤᠭᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠣᠭᠲᠠᠭᠠᠯ ᠶᠣᠰᠣᠭᠠᠷ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠯ ᠤᠨ ᠠᠷᠭ᠎ᠠ ᠬᠡᠯᠪᠡᠷᠢ ᠠᠪᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠬᠢᠯᠡᠭᠦᠯᠬᠦ᠂ ᠪᠠᠶᠢᠴᠠᠭᠠᠵᠤ ᠭᠡᠷᠡᠴᠢ ᠠᠪᠬᠤ᠂ ᠬᠢᠨᠠᠨ ᠬᠠᠷᠭᠤᠭᠤᠯᠵᠤ ᠲᠣᠭᠲᠠᠭᠠᠬᠤ᠂ ᠬᠦᠷᠭᠡᠵᠦ ᠭᠦᠢᠴᠡᠳᠭᠡᠬᠦ ᠵᠡᠷᠭᠡ ᠪᠥᠬᠦ ᠶᠠᠪᠤᠴᠠ ᠶᠢ ᠲᠡᠮᠳᠡᠭᠯᠡᠬᠦ ᠶᠢᠨ ᠬᠠᠮᠲᠤ᠂ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠢᠶᠠᠨ ᠬᠤᠷᠢᠨ ᠳᠥᠷᠪᠡᠨ ᠴᠠᠭ ᠤᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠬᠦ ᠰᠢᠰᠲ᠋ᠧᠮ ᠳᠤ ᠳᠠᠮᠵᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃ ᠬᠠᠤᠯᠢ ᠳᠤ ᠲᠣᠭᠲᠠᠭᠠᠭᠰᠠᠨ ᠬᠠᠳᠠᠭᠠᠯᠠᠬᠤ ᠬᠤᠭᠤᠴᠠᠭᠠᠨ ᠳᠣᠲᠣᠷ᠎ᠠ ᠪᠦᠷᠢᠨ ᠪᠦᠲᠦᠨ ᠦᠰᠦᠭ ᠪᠢᠴᠢᠭ ᠤᠨ ᠲᠡᠮᠳᠡᠭᠯᠡᠯ᠂ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠵᠢᠴᠢ ᠤᠭ ᠲᠡᠮᠳᠡᠭᠯᠡᠯ ᠢ ᠪᠠᠲᠤᠯᠠᠵᠤ᠂ ᠤᠯᠤᠰ ᠠᠴᠠ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠤᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠬᠢᠨᠠᠨ ᠪᠠᠶᠢᠴᠠᠭᠠᠬᠤ᠂ ᠰᠢᠭᠦᠨ ᠲᠠᠰᠤᠯᠬᠤ᠂ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠢᠨᠠᠨ ᠪᠣᠳᠣᠬᠤ ᠵᠡᠷᠭᠡ ᠲᠥᠷᠥ ᠶᠢᠨ ᠪᠠᠶᠢᠭᠤᠯᠭ᠎ᠠ ᠶᠢ ᠬᠠᠪᠰᠤᠷᠤᠨ ᠬᠡᠷᠡᠭ ᠰᠢᠢᠳᠪᠤᠷᠢᠯᠡᠬᠦ ᠬᠡᠷᠡᠭᠴᠡᠭᠡ ᠠᠴᠠ ᠪᠣᠯᠵᠤ᠂ ᠬᠤᠯᠪᠣᠭᠳᠠᠯ ᠪᠦᠬᠦᠢ ᠬᠡᠷᠡᠭ ᠤᠨ ᠬᠠᠤᠯᠢ ᠬᠡᠷᠡᠭᠵᠢᠭᠦᠯᠬᠦ ᠶᠠᠪᠤᠴᠠ ᠶᠢᠨ ᠲᠡᠮᠳᠡᠭᠯᠡᠯ ᠢ ᠬᠠᠤᠯᠢ ᠶᠣᠰᠣᠭᠠᠷ ᠰᠢᠯᠵᠢᠭᠦᠯᠤᠨ ᠦᠵᠡᠵᠦ᠂ ᠪᠠᠭᠤᠯᠭᠠᠨ ᠠᠪᠤᠪᠠ᠃ ᠲᠤᠬᠠᠶ ᠶᠢᠨ ᠬᠥᠮᠦᠨ᠂ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠢ ᠬᠠᠪᠰᠤᠷᠴᠤ ᠪᠠᠶᠢᠭᠠᠳ ᠲᠡᠭᠦᠨ ᠲᠠᠢ  ᠬᠤᠯᠪᠤᠭᠳᠠᠯ ᠪᠦᠬᠦᠢ ᠬᠠᠤᠯᠢ ᠬᠡᠷᠡᠭᠵᠢᠭᠦᠯᠦᠭᠰᠡᠨ ᠶᠠᠪᠤᠴᠠ ᠶᠢᠨ ᠲᠡᠮᠳᠡᠭᠯᠡᠯ ᠢ ᠪᠠᠶᠢᠴᠠᠭᠠᠨ ᠦᠵᠡᠬᠦ᠂ ᠪᠠᠭᠤᠯᠭᠠᠬᠤ ᠶᠢ ᠱᠠᠭᠠᠷᠳᠠᠬᠤ ᠬᠡᠷᠡᠭᠲᠡᠶ᠃      ᠭᠤᠷᠪᠠᠳᠤᠭᠠᠷ ᠲᠤ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠬᠠᠤᠯᠢ ᠲᠦᠷᠢᠮ ᠤᠨ ᠬᠢᠨᠠᠨ ᠬᠠᠷᠢᠭᠤᠯᠤᠯᠲᠠ      1᠃ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠭᠠᠷᠭᠠᠬᠤ ᠠᠴᠠ ᠡᠮᠦᠨ᠎ᠡ᠂ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ᠂ ᠬᠦᠨᠳᠦ ᠶᠡᠭᠡ ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠪᠤᠶᠤ ᠨᠡᠶᠢᠭᠡᠮ ᠤᠨ ᠠᠶᠤᠯ ᠲᠦᠭᠰᠢᠭᠦᠷᠢ ᠶᠢ ᠡᠭᠦᠰᠭᠡᠬᠦ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ ᠠᠰᠢᠭ ᠲᠤ ᠰᠢᠭᠤᠳ ᠬᠤᠯᠪᠣᠭᠳᠠᠬᠤ᠂ ᠭᠡᠷᠡᠴᠢᠯᠡᠭᠡ ᠰᠤᠨᠤᠰᠬᠤ ᠳᠡᠰ ᠳᠠᠷᠠᠭᠠᠯᠠᠯ ᠢᠶᠠᠷ ᠳᠠᠮᠵᠢᠨ ᠭᠠᠷᠭᠠᠭᠰᠠᠨ᠂ ᠣᠯᠠᠨ ᠬᠠᠤᠯᠢ ᠴᠠᠭᠠᠵᠠ ᠶᠢᠨ ᠬᠠᠷᠢᠴᠠᠭ᠎ᠠ ᠵᠢᠴᠢ ᠪᠤᠰᠤᠳ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠤᠯᠪᠣᠭᠳᠠᠭᠰᠠᠨ ᠪᠠᠶᠢᠪᠡᠯ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳᠡᠰ ᠳᠠᠪᠬᠤᠷᠭ᠎ᠠ᠂ ᠬᠠᠷᠢᠶ᠎ᠠ ᠬᠦᠷᠢᠶ᠎ᠡ ᠬᠡᠪᠴᠢᠶ᠎ᠡ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠵᠡᠷᠭᠡ ᠬᠦᠴᠦᠨ ᠵᠦᠢᠯ ᠢ  ᠦᠨᠳᠦᠰᠦᠯᠡᠵᠤ᠂ ᠬᠠᠤᠯᠢ ᠲᠦᠷᠢᠮ ᠤᠨ ᠬᠢᠨᠠᠨ ᠬᠠᠷᠭᠤᠭᠤᠯᠬᠤ ᠵᠤᠶᠢᠯᠡᠰ ᠪᠠ ᠪᠠᠷᠢᠮᠵᠢᠶ᠎ᠠ ᠶᠢ ᠲᠣᠭᠲᠠᠭᠠᠨ᠎ᠠ᠃ ᠬᠠᠤᠯᠢ ᠬᠡᠷᠡᠭᠵᠢᠭᠦᠯᠬᠦ ᠬᠡᠷᠡᠭ ᠢ ᠰᠢᠶ᠋ᠳᠪᠦᠷᠢᠯᠡᠬᠦ ᠬᠢᠭᠡᠳ ᠬᠠᠤᠯᠢ ᠳᠦᠷᠢᠮ ᠤᠨ ᠬᠢᠨᠠᠨ ᠬᠠᠷᠭᠤᠭᠤᠯᠬᠤ ᠶᠢ ᠰᠠᠯᠭᠠᠬᠤ ᠵᠠᠷᠴᠢᠮ ᠤᠨ ᠶᠣᠰᠣᠭᠠᠷ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠶᠢ ᠲᠣᠳᠣᠷᠬᠠᠶᠢᠯᠠᠬᠤ ᠬᠡᠷᠡᠭᠲᠡᠶ᠃ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠵᠢᠯ ᠤᠨ ᠬᠡᠷᠡᠭᠴᠡᠭᠡ ᠳᠤ ᠲᠣᠬᠢᠷᠠᠭᠰᠠᠨ ᠬᠠᠤᠯᠢ  ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠬᠡᠮ ᠲᠠᠢ ᠬᠠᠤᠯᠢ ᠳᠦᠷᠢᠮ ᠤᠨ ᠬᠢᠨᠠᠨ ᠬᠠᠷᠭᠤᠭᠤᠯᠤᠭᠴᠢ ᠶᠢ ᠲᠤᠬᠢᠷᠠᠭᠤᠯᠤᠨ᠎ᠠ᠃      2᠃  ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠭᠡᠬᠦ ᠪᠠᠶᠢᠭᠤᠯᠤᠮᠵᠢ ᠨᠢ ᠬᠠᠤᠯᠢ ᠳᠦᠷᠢᠮ ᠤᠨ ᠬᠢᠨᠠᠨ ᠬᠠᠷᠭᠤᠠᠭᠤᠯᠬᠤ ᠪᠠᠶᠢᠭᠤᠯᠤᠮᠵᠢ ᠳᠤ ᠳᠡᠪᠰᠢᠭᠦᠯᠵᠦ ᠬᠢᠨᠠᠨ ᠬᠠᠷᠭᠤᠭᠤᠯᠤᠭᠤᠯᠬᠤ ᠳᠠᠭᠠᠨ᠂ ᠪᠠᠶᠢᠴᠠᠭᠠᠬᠤ᠂ ᠬᠢᠨᠠᠨ ᠪᠠᠶᠢᠴᠠᠭᠠᠬᠤ᠂ ᠦᠨᠡᠯᠡᠨ ᠵᠢᠱᠢᠬᠦ᠂ ᠬᠠᠤᠯᠢ ᠬᠡᠷᠡᠭᠵᠢᠭᠦᠯᠬᠦ ᠲᠣᠭᠲᠠᠭᠠᠯ ᠤᠨ ᠣᠷᠣᠯᠠᠨ ᠲᠤᠭᠤᠷᠪᠢᠭᠰᠠᠨ ᠡᠬᠡ ᠪᠢᠴᠢᠭ ᠵᠡᠷᠭᠡ ᠬᠠᠮᠢᠶ᠎ᠠ ᠪᠦᠬᠦᠢ ᠦᠨᠳᠦᠰᠦ ᠪᠠᠷᠢᠮᠲᠠ᠂ ᠭᠡᠷᠡᠴᠢ ᠪᠠᠷᠢᠮᠲᠠ᠂ ᠮᠡᠳᠡᠭᠦᠯᠦᠯᠲᠡ ᠵᠡᠷᠭᠡ ᠪᠦᠷᠢᠨ ᠢᠵᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠃      3᠃ ᠬᠠᠤᠯᠢ ᠳᠦᠷᠢᠮ ᠢ ᠬᠢᠨᠠᠨ ᠬᠠᠷᠭᠤᠭᠤᠯᠬᠤ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠤᠭᠴᠠ᠂ ᠠᠵᠢᠯᠲᠠᠨ᠂ ᠡᠷᠬᠡ ᠶᠢᠨ ᠬᠢᠵᠠᠭᠠᠷ᠂ ᠭᠡᠷᠡᠴᠢ ᠪᠠᠷᠢᠮᠲᠠ᠂ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠂ ᠳᠡᠰ ᠳᠠᠷᠠᠭᠠᠯᠠᠯ᠂ ᠪᠢᠴᠢᠭ ᠬᠠᠷ᠎ᠠ ᠵᠡᠷᠭᠡ ᠵᠦᠢᠯᠡᠰ ᠤᠨ ᠬᠠᠤᠯᠢ ᠶᠣᠰᠣᠨ ᠤ ᠴᠢᠨᠠᠷ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠳᠦᠷᠢᠮᠵᠢᠯᠳᠦ ᠴᠢᠨᠠᠷ ᠲᠤ ᠲᠠᠪᠤᠨ ᠠᠵᠢᠯ ᠤᠨ ᠡᠳᠦᠷ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠡᠭᠦᠨ ᠤ ᠳᠤ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠠᠭᠠᠭᠠᠨ ᠭᠦᠢᠴᠡᠳᠭᠡᠬᠦ ᠪᠠᠶᠢᠭᠤᠯᠤᠮ ᠶᠢ ᠳᠤ ᠲᠤᠰᠢᠶᠠᠵᠤ ᠬᠦᠯᠢᠶᠡᠨ ᠠᠪᠤᠭᠤᠯᠬᠤ ᠬᠡᠷᠡᠭᠲᠡᠶ᠃ ᠪᠠᠶᠢᠳᠠᠯ ᠨᠢ ᠪᠤᠳᠤᠯᠢᠶᠠᠨᠲᠠᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠲᠦᠷᠢᠮ ᠤᠨ ᠠᠵᠢᠯ ᠢ ᠡᠷᠬᠢᠯᠡᠨ ᠬᠠᠮᠢᠶᠠᠷᠬᠤ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠲᠠᠪᠤᠨ ᠠᠵᠢᠯ ᠤᠨ ᠡᠳᠦᠷ ᠤᠷᠲᠤᠳᠬᠠᠵᠤ ᠪᠣᠯᠤᠨ᠎ᠠ᠃        ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ      ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠡᠷᠬᠡ ᠲᠡᠭᠰᠢ ᠰᠤᠯᠢᠯᠴᠠᠭ᠎ᠠ ᠨᠡᠪᠲᠡᠷᠡᠯᠴᠡᠭᠡ ᠬᠢᠬᠦ ᠬᠠᠤᠯᠢ ᠪᠠᠷ ᠵᠠᠰᠠᠬᠤ ᠲᠠᠪᠴᠠᠩ ᠪᠣᠯᠤᠨ᠎ᠠ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠰᠢᠭᠦᠯᠲᠡ ᠶᠢᠨ ᠤᠷᠤᠭᠰᠢᠲᠠᠶ ᠥᠷᠨᠢᠬᠦ ᠶᠢ ᠬᠦᠴᠦᠲᠡᠶ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠤᠶᠢᠯᠡᠳᠤᠯ ᠴᠢᠳᠠᠪᠤᠷᠢ ᠶᠢ   ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠵᠠᠷᠭᠤ ᠶᠢᠨ ᠵᠠᠭᠠᠯᠳᠤᠭᠴᠢ ᠶᠢᠨ ᠬᠠᠤᠯᠢ ᠶᠣᠰᠣᠨ ᠤ ᠡᠷᠬᠡ ᠠᠰᠢᠭ ᠪᠠ ᠵᠤᠷᠴᠢᠯ ᠵᠢᠭᠤᠷᠠᠯᠳᠤᠭᠠᠨ ᠢ ᠦᠨᠡᠨ ᠪᠣᠳᠠᠲᠠᠶ ᠪᠠᠷ ᠠᠷᠢᠯᠭᠠᠬᠤ ᠳᠤ ᠴᠢᠬᠤᠯᠠ ᠤᠶᠢᠯᠡᠳᠤᠯ ᠦᠵᠡᠭᠦᠯᠪᠡ᠃ ᠭᠤᠤᠯᠳᠠᠭᠤ ᠳᠣᠤᠷᠠᠬᠢ ᠳᠥᠷᠪᠡᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄      ᠨᠢᠭᠡᠳᠦᠭᠡᠷ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠬᠡᠪᠴᠢᠶ᠎ᠡ      ᠵᠠᠰᠠᠭ ᠵᠠᠬᠢᠷᠭᠠᠨ ᠤ ᠪᠠᠶᠢᠭᠤᠯᠭ᠎ᠠ ᠭᠡᠳᠡᠭ ᠨᠢ ᠮᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠨᠡᠶᠢᠭᠡᠮ ᠲᠤᠭᠤᠷᠢᠭ ᠢ ᠵᠢᠭᠠᠵᠤ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠩᠬᠢ ᠨᠢ ᠲᠤᠰᠢᠶᠠᠯ᠂ ᠳᠡᠳ᠋ ᠲᠤᠰᠢᠶᠠᠯ ᠲᠠᠢ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠪᠤᠰᠤᠳ ᠬᠠᠷᠢᠭᠤᠴᠠᠯᠭᠠᠲᠠᠨ ᠪᠠᠭᠲᠠᠨ᠎ᠠ᠃ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠡᠷᠡᠭᠴᠡᠭᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠲᠠᠢ ᠬᠠᠮᠲᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠵᠦ ᠪᠤᠯᠤᠨ᠎ᠠ᠃      ᠳᠣᠤᠷ᠎ᠠ ᠵᠢᠭᠰᠠᠭᠠᠭᠰᠠᠨ ᠨᠠᠶ᠋ᠮᠠᠨ ᠲᠦᠷᠦᠯ ᠤᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠲᠤ᠂ ᠵᠠᠭᠠᠯᠳᠤᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠬᠡᠷᠡᠭᠲᠡᠶ᠄      ︵1︶ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠵᠠᠰᠠᠭ ᠵᠠᠬᠢᠷᠭᠠᠨ ᠤ  ᠪᠠᠶᠢᠭᠤᠯᠭ᠎ᠠ ᠵᠠᠷᠭᠤ ᠢᠯᠠᠭᠳᠠᠭᠰᠠᠨ᠂ ᠬᠤᠶᠠᠳᠤᠭᠠᠷ ᠰᠢᠭᠦᠯᠲᠡ ᠶᠢᠨ ᠲᠢᠩᠬᠢᠮ ᠨᠡᠭᠡᠭᠡᠵᠦ ᠰᠢᠭᠦᠭᠰᠡᠨ ᠬᠡᠷᠡᠭ︔      ︵2︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠢᠭᠡᠳᠦᠭᠡᠷ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠦᠭᠡᠢ ᠪᠣᠯᠪᠠᠴᠤ ᠬᠤᠶᠠᠳᠤᠭᠠᠷ ᠰᠢᠭᠦᠯᠲᠡ ᠳᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠴᠢᠬᠤᠯᠠ ᠲᠠᠢ ᠭᠡᠵᠦ ᠦᠵᠡᠭᠰᠡᠨ ᠬᠡᠷᠡᠭ︔      ︵3︶ ᠠᠷᠠᠳ ᠤᠨ ᠰᠢᠭᠦᠬᠦ ᠬᠤᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠰᠢᠭᠦᠯᠲᠡ ᠳᠤ ᠣᠷᠣᠯᠴᠠᠭᠤᠯᠬᠤ ᠪᠠᠷ ᠪᠢᠴᠢᠭ ᠢᠶᠠᠷ ᠰᠠᠨᠠᠭᠤᠯᠤᠭᠰᠠᠨ ᠬᠡᠷᠡᠭ︔      ︵4︶ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠨᠡᠶᠢᠭᠡᠮ ᠤᠨ ᠠᠩᠬᠠᠷᠤᠯ ᠤᠨ ᠬᠡᠮᠵᠢᠶ ᠎ᠡ ᠪᠠᠷ ᠥᠨᠳᠥᠷ ᠪᠤᠶᠤ ᠬᠠᠮᠲᠤᠯᠢᠭ ᠤᠨ ᠴᠢᠨᠠᠷᠲᠠᠶ ᠬᠡᠷᠡᠭ ᠢ ᠡᠭᠦᠰᠭᠡᠵᠦ ᠮᠡᠳᠡᠬᠦ ᠬᠡᠷᠡᠭ︔      ︵5︶ ᠪᠠᠶᠢᠴᠠᠭᠠᠬᠤ ᠪᠠᠶᠢᠭᠤᠯᠭ᠎ᠠ ᠶᠢᠨ ᠳᠤᠷᠠᠳᠤᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ᠄      ︵6︶ ᠵᠠᠰᠠᠭ ᠵᠠᠬᠢᠷᠭᠠᠨ ᠤ ᠲᠥᠯᠥᠪᠦᠷᠢ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠬᠡᠷᠡᠭ︔      ︵7︶ ᠨᠡᠶᠢᠭᠡᠮ ᠤᠨ ᠨᠥᠯᠥᠭᠡ ᠨᠡᠯᠢᠶᠡᠳ ᠶᠡᠭᠡ᠂ ᠬᠡᠷᠡᠭ ᠤᠨ ᠪᠠᠶᠢᠳᠠᠯ ᠨᠢ ᠨᠠᠷᠢᠨ ᠪᠤᠳᠤᠯᠢᠶᠠᠨᠲᠠᠶ ᠪᠤᠶᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠬᠦᠨᠳᠦ ᠶᠡᠭᠡ ᠨᠥᠯᠥᠭᠡ  ᠭᠠᠷᠠᠭᠠᠵᠤ ᠮᠡᠳᠡᠬᠦ ᠬᠡᠷᠡᠭ︔      ︵8︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠬᠤ ᠳᠠᠭᠠᠨ ᠮᠠᠷᠭᠤᠭᠠᠨ ᠢ ᠰᠢᠳᠳᠪᠤᠷᠢᠯᠡᠬᠦ ᠳᠤ ᠨᠡᠩ ᠠᠰᠢᠭᠲᠠᠶ ᠬᠡᠷᠡᠭ᠃      ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠶᠣᠰᠣᠲᠠᠶ ᠬᠡᠷᠡᠭ ᠠᠴᠠ ᠭᠠᠳᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠦᠭᠡᠢ ᠪᠣᠯ᠂ ᠨᠢᠭᠡ ᠠᠴᠠ ᠬᠤᠶᠠᠷ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠵᠢᠯᠲᠠᠨ ᠳᠤ ᠨᠠᠶᠢᠳᠠᠵᠤ ᠵᠠᠷᠭᠤ ᠶᠢᠨ ᠣᠷᠣᠯᠠᠭᠴᠢ ᠶᠢᠨ ᠬᠤᠪᠢ ᠪᠠᠷ ᠵᠠᠷᠭᠤ ᠳᠤ ᠣᠷᠣᠯᠴᠠᠭᠤᠯᠵᠤ ᠪᠣᠯᠤᠨ᠎ᠠ᠂ ᠪᠠᠰᠠ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠪᠠ ᠠᠯᠪᠠᠨ ᠲᠤᠰᠢᠶᠠᠯᠳᠤ ᠬᠠᠤᠯᠢᠴᠢ᠂ ᠬᠠᠤᠯᠢ ᠴᠠᠭᠠᠵᠠ  ᠶᠢᠨ ᠵᠥᠪᠯᠡᠭᠴᠢ ᠵᠡᠷᠭᠡ ᠳᠤ ᠨᠠᠶᠢᠳᠠᠵᠤ ᠵᠠᠷᠭᠤ ᠶᠢᠨ ᠣᠷᠣᠯᠠᠭᠴᠢ ᠶᠢᠨ ᠬᠤᠪᠢ ᠪᠠᠷ ᠵᠠᠷᠭᠤ ᠳᠤ ᠣᠷᠣᠯᠴᠠᠭᠤᠯᠵᠤ ᠪᠣᠯᠤᠨ᠎ᠠ᠃ ᠲᠡᠷᠡᠴᠢᠯᠡᠨ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠨ ᠠᠪᠴᠤ ᠴᠢᠳᠠᠬᠤ ᠦᠭᠡᠢ ᠪᠢᠴᠢᠭ ᠤᠨ ᠪᠢᠴᠢᠭ ᠮᠠᠲ᠋ᠧᠷᠢᠶᠠᠯ ᠢ ᠲᠦᠰᠢᠶᠡᠵᠤ᠂ ᠭᠡᠪᠡᠴᠦ ᠵᠥᠪᠬᠡᠨ ᠬᠠᠤᠯᠢᠴᠢ ᠳᠤ ᠨᠠᠶᠢᠳᠠᠵᠤ ᠰᠢᠭᠦᠯᠲᠡ ᠳᠤ ᠣᠷᠣᠯᠴᠠᠭᠤᠯᠤᠨ ᠵᠠᠷᠭᠤ ᠳᠤ ᠣᠷᠣᠯᠴᠠᠭᠤᠯᠵᠤ ᠪᠣᠯᠬᠤ ᠦᠭᠡᠢ᠃      ᠬᠤᠶᠠᠳᠤᠭᠠᠷ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠦᠨᠳᠦᠰᠦᠨ ᠱᠠᠭᠠᠷᠳᠠᠯᠭ᠎ᠠ      ᠵᠠᠭᠠᠯᠳᠤᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠤᠰᠢᠶᠠᠯ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠭᠡᠵᠤ᠂ ᠢᠳᠡᠪᠬᠢᠲᠡᠶ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠡᠷᠡᠭᠲᠡᠶ᠃ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠ ᠪᠤᠰᠤᠳ ᠨᠠᠶᠢᠳᠠᠭᠰᠠᠨ ᠣᠷᠣᠯᠠᠭᠴᠢ ᠶᠢᠨ ᠪᠣᠳᠠᠲᠠᠶ ᠵᠢᠱᠢᠭᠳᠡᠭᠴᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠳᠦᠷᠢᠮ ᠤᠨ ᠪᠠᠶᠢᠭᠤᠯᠤᠮᠵᠢ ᠠᠴᠠ ᠰᠠᠨᠠᠭᠤᠯᠭ᠎ᠠ ᠳᠤᠷᠠᠳᠴᠤ᠂ ᠭᠤᠤᠯ ᠬᠠᠷᠢᠭᠤᠴᠠᠯᠭᠠᠲᠠᠨ ᠪᠤᠶᠤ ᠬᠠᠤᠯᠢ ᠳᠦᠷᠢᠮ ᠤᠨ ᠠᠵᠢᠯ ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠳᠤ ᠮᠡᠳᠡᠭᠦᠯᠦᠨ ᠲᠣᠭᠲᠠᠭᠠᠯᠭᠠᠨ᠎ᠠ᠃      ᠮᠠᠨ ᠤ ᠰᠢᠶᠠᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠯᠤᠨ ᠬᠠᠤᠯᠢ ᠳᠦᠷᠢᠮ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠡᠷᠬᠡᠪᠰᠢ ᠰᠢᠭᠦᠯᠲᠡ ᠳᠤ ᠣᠷᠣᠯᠴᠠᠨ ︽ᠨᠠᠶ᠋ᠮᠠᠨ ᠲᠥᠷᠥᠯ ᠤᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ︾᠎ ᠢ ᠬᠦᠯᠢᠶᠡᠨ ᠠᠪᠬᠤ ᠬᠡᠷᠡᠭᠲᠡᠶ᠃ ᠲᠢᠩᠬᠢᠮ ᠤᠨ ᠰᠢᠭᠦᠯᠲᠡ ᠠᠴᠠ ᠡᠮᠦᠨ᠎ᠡ ᠬᠠᠤᠯᠢ ᠲᠦᠷᠢᠮ ᠤᠨ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠵᠢᠯᠣᠭᠤᠳᠤᠨ ᠰᠢᠪᠠᠳᠠᠵᠤ ᠪᠠᠶᠢᠭᠠᠳ ᠬᠡᠷᠡᠭ ᠤᠨ ᠪᠠᠶᠢᠳᠠᠯ ᠢ ᠵᠠᠳᠠᠯᠬᠤ ᠪᠠ ᠭᠡᠷᠡᠴᠢ ᠪᠠᠷᠢᠮᠲᠠ᠂ ᠦᠨᠳᠤᠰᠤᠯᠡᠯ ᠵᠡᠷᠭᠡ ᠵᠠᠷᠭᠤ ᠬᠦᠯᠢᠶᠡᠬᠦ ᠮᠠᠲ᠋ᠧᠷᠢᠶᠠᠯ ᠤᠨ ᠪᠡᠯᠡᠳᠬᠡᠯ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ ᠲᠢᠩᠬᠢᠮ ᠤᠨ ᠰᠢᠭᠦᠯᠲᠡ ᠳᠤ ᠰᠢᠭᠦᠬᠦ ᠲᠢᠩᠬᠢᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠦᠭᠦᠭᠡ ᠲᠠᠯ᠎ᠠ ᠶᠢᠨ ᠲᠤᠬᠠᠶ ᠶᠢᠨ ᠬᠥᠮᠦᠨ ᠤ ᠡᠷᠬᠡ ᠶᠢ ᠬᠦᠨᠳᠦᠳᠬᠡᠬᠦ ᠬᠡᠷᠡᠭᠲᠡᠶ᠃ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠤ ᠮᠥᠨ ᠴᠢᠨᠠᠷ ᠢ ᠠᠷᠢᠯᠭᠠᠬᠤ ᠶᠢ ᠲᠦᠷᠦᠭᠦᠯᠡᠨ ᠠᠬᠢᠭᠤᠯᠵᠤ᠂ ᠰᠢᠭᠦᠯᠲᠡ ᠳᠤ ᠣᠷᠣᠯᠴᠠᠬᠤ ᠠᠴᠠ ᠵᠠᠶᠢᠯᠠᠰᠬᠢᠬᠦ ᠬᠡᠷᠡᠭᠲᠡᠶ᠃ ᠬᠡᠷᠡᠭ ᠢ ᠰᠢᠭᠦᠵᠦ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠯᠲᠠ᠂ ᠲᠣᠭᠲᠠᠭᠠᠯᠲᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠰᠢᠭᠦᠬᠦ ᠬᠤᠷᠢᠶᠠᠨ ᠤ ᠬᠠᠤᠯᠢ ᠪᠠᠷᠢᠬᠤ ᠰᠠᠨᠠᠭᠤᠯᠭ᠎ᠠ ᠶᠢ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠᠳᠤᠭᠠᠷ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠠᠷᠢᠭᠤᠴᠠᠯᠭ᠎ᠠ ᠶᠢᠨ ᠬᠤᠪᠢᠶᠠᠷᠢᠯᠠᠯ      ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠦᠭᠡᠢ ᠬᠡᠷᠡᠭ ᠲᠤ ᠵᠠᠭᠠᠯᠳᠤᠭᠳᠠᠭᠰᠠᠨ ᠵᠠᠰᠠᠭ ᠵᠠᠬᠢᠷᠭᠠᠨ ᠤ  ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠠᠳᠠᠯᠢ ᠨᠢᠭᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠮᠲᠤ ᠪᠠᠷ ᠬᠢᠭᠰᠡᠨ ᠵᠠᠰᠠᠭ ᠵᠠ ᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠭᠰᠠᠨ ᠵᠣᠬᠢᠶᠠᠨ ᠪᠠᠶᠢᠭᠤᠯᠤᠯᠲᠠ ᠶᠢᠨ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠰᠤᠭᠳᠠᠭᠰᠠᠨ ᠪᠤᠶᠤ ᠡᠷᠬᠡ ᠲᠤᠰᠢᠶᠠᠯ ᠢᠶᠠᠨ ᠬᠤᠪᠢᠷᠠᠭᠤᠯᠤᠭᠰᠠᠨ ᠪᠠᠶᠢᠪᠡᠯ᠂ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ ᠪᠠᠷᠢᠮᠲᠠᠯᠠᠬᠤ ᠪᠠᠷ ᠲᠣᠭᠲᠠᠭᠰᠠᠨ ᠪᠠᠶᠢᠪᠡᠯ      ᠵᠠᠰᠠᠭ ᠤᠨ ᠵᠠᠷᠭᠤ ᠬᠦᠯᠢᠶᠡᠬᠦ ᠠᠵᠢᠯ᠂ ᠤᠤᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠲᠤ ᠭᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠡᠰ ᠳᠠᠷᠠᠭᠠᠯᠠᠯ ᠤᠨ ᠬᠠᠤᠯᠢ ᠶᠣᠰᠣᠴᠢ ᠴᠢᠨᠠᠷ ᠲᠤ ᠭᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ ᠬᠤᠪᠢᠷᠠᠭᠤᠯᠤᠭᠰᠠᠨ ᠪᠣᠯ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠭᠰᠡᠨ ᠲᠣᠭᠲᠠᠭᠠᠯ ᠭᠠᠷᠭᠠᠭᠰᠠᠨ ᠦᠭᠡᠢ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠤᠤᠯ ᠤᠨ ᠵᠠᠰᠠᠭ ᠵᠠᠬᠢᠷᠭᠠᠨ ᠤ ᠤᠶᠢᠯᠡ ᠠᠵᠢᠯᠯᠠᠭ᠎ᠠ ᠶᠢ ᠵᠠᠭᠠᠯᠳᠤᠭᠰᠠᠨ ᠪᠠᠶᠢᠪᠠᠯ᠂ ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠨ᠎ᠡ︔ ᠳᠠᠬᠢᠨ ᠵᠥᠪᠯᠡᠬᠦ ᠪᠠᠶᠢᠭᠤᠯᠭ᠎ᠠ ᠶᠢ ᠡᠰᠡ ᠦᠶ᠋ᠯᠡᠳᠬᠦᠶ ᠭᠡᠵᠦ ᠵᠠᠭᠠᠯᠳᠤᠭᠰᠠᠨ ᠪᠠᠶᠢᠪᠠᠯ ᠳᠠᠬᠢᠨ ᠵᠥᠪᠯᠡᠬᠦ  ᠬᠡᠷᠡᠭᠲᠡᠢ᠃      ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠪᠡ᠃      ᠭᠤᠷᠪᠠ᠂ ᠬᠢᠨᠠᠯᠲᠠ ᠲᠠᠯᠪᠢᠬᠤ ᠪᠠ ᠬᠠᠷᠢᠭᠤᠴᠠᠯᠭ᠎ᠠ      ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄      1. ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ︾ ᠵᠡᠷᠭᠡ ᠳᠦᠷᠢᠮ ᠤᠨ ᠲᠤᠭᠲᠠᠭᠠᠯ ᠢ ᠵᠥᠷᠢᠴᠡᠭᠰᠡᠨ ᠪᠤᠶᠤ ᠳᠤᠷ᠎ᠠ ᠪᠠᠷ ᠢᠶᠠᠨ ᠲᠣᠭᠲᠠᠭᠠᠵᠤ᠂ ᠡᠰᠡᠬᠦᠯ᠎ᠡ ᠵᠣᠷᠢᠭᠤᠳᠠ ᠤᠳᠠᠭᠠᠰᠢᠷᠠᠭᠤᠯᠤᠭᠠᠳ ᠬᠦᠨᠳᠦ ᠶᠡᠭᠡ ᠬᠤᠬᠢᠷᠠᠯ᠂ ᠮᠠᠭᠤ ᠨᠥᠯᠥᠭᠡ ᠭᠠᠷᠭᠠᠭᠰᠠᠨ︔      2 . ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠠᠯᠳᠠᠭᠤᠷ ᠨᠡᠪᠲᠡᠷᠡᠯᠴᠡᠬᠦ ᠂ ᠪᠢᠴᠢᠭ ᠮᠠᠲ᠋ᠧᠷᠢᠶᠠᠯ ᠢ ᠳᠠᠮᠵᠢᠭᠤᠯᠤᠨ ᠤᠩᠰᠢᠬᠤ ᠵᠡᠷᠭᠡ ᠬᠡᠯᠪᠡᠷᠢ ᠪᠠᠷ ᠤᠴᠢᠷ ᠶᠠᠪᠤᠳᠡᠯ ᠢ ᠣᠷᠣᠯᠠᠭᠤᠯᠤᠭᠰᠠᠨ︔      3 . ᠭᠦᠢᠴᠡᠳᠭᠡᠬᠦ ᠶᠠᠪᠤᠴᠠ ᠳᠤ ᠬᠠᠩᠭᠠᠭᠰᠠᠨ ᠪᠣᠳᠠᠲᠤ ᠶᠠᠪᠤᠳᠠᠯ ᠪᠠ ᠦᠨᠳᠦᠰᠦ ᠪᠠᠷᠢᠮᠲᠠ ᠨᠢ ᠬᠦᠨᠳᠦ ᠶᠡᠭᠡ ᠵᠥᠷᠢᠶ᠎ᠡ ᠤ ᠤᠶᠤ ᠪᠤᠷᠤᠭᠤ ᠲᠠᠢ ᠪᠠᠶᠢᠬᠤ︔      4. ᠲᠣᠭᠲᠠᠭᠠᠯ ᠢ ᠳᠤᠷ᠎ᠠ ᠪᠠᠷ ᠢᠶᠠᠨ ᠵᠠᠰᠠᠪᠤᠷᠢ ᠣᠷᠣᠭᠤᠯᠤᠭᠰᠠᠨ ᠪᠤᠶᠤ ᠬᠡᠷᠡᠭᠵᠢᠭᠦᠯᠬᠦ ᠶᠢ ᠲᠡᠪᠴᠢᠭᠰᠡᠨ ᠪᠥᠭᠡᠳ ᠬᠦᠨᠳᠦ ᠨᠣᠴᠢᠲᠠᠶ ᠤᠷᠰᠢᠭ ᠲᠠᠲᠠᠭᠰᠠᠨ︔      5. ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ ᠬᠡᠷᠡᠭ ᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ ᠪᠠ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠠᠶᠢᠪᠡᠯ᠂ ᠡᠰᠡᠬᠦᠯ᠎ᠡ ᠬᠤᠯᠪᠣᠭᠳᠠᠯ ᠪᠦᠬᠦᠢ ᠲᠡᠮᠳᠡᠭᠯᠡᠯ ᠢ ᠬᠠᠭᠤᠷᠮᠠᠭᠯᠠᠨ ᠵᠣᠬᠢᠶᠠᠵᠤ᠂ ᠮᠡᠳᠡᠵᠦ ᠪᠠᠶᠢᠭᠠᠳ ᠵᠠᠯᠠᠷᠠᠭᠤᠯᠬᠤ ᠦᠭᠡᠢ᠂ ᠪᠤᠷᠤᠭᠤᠳᠠᠭᠰᠠᠨ ᠪᠠᠶᠢᠲᠠᠯ᠎ᠠ ᠵᠠᠯᠠᠷᠠᠭᠤᠯᠬᠤ ᠦᠭᠡᠢ ᠪᠠᠶᠢᠪᠡᠯ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︔      6 . ᠬᠠᠮᠲᠤ ᠪᠠᠷ ᠰᠢᠢᠳᠪᠤᠷᠢᠲᠤ ᠪᠤᠳᠤᠯᠭ᠎ᠠ ᠲᠣᠭᠲᠠᠭᠠᠬᠤ ᠳᠤ ᠠᠯᠳᠠᠰᠢ ᠭᠠᠷᠭᠠᠭᠰᠠᠨ ᠪᠤᠶᠤ ᠰᠠᠬᠢᠯᠭ᠎ᠠ ᠪᠠᠲᠤ ᠶᠢ ᠵᠤᠷᠢᠴᠡᠨ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠪᠠᠶᠢᠵᠤ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ︔     7. ᠬᠠᠷᠢᠭᠤᠴᠠᠯᠭᠠᠲᠤ ᠨᠢᠭᠡᠴᠡ ᠪᠤᠶᠤ ᠳᠠᠭᠠᠭᠠᠨ ᠠᠪᠴᠤ ᠰᠢᠢᠳᠪᠤᠷᠢᠯᠡᠬᠦ ᠨᠢᠭᠡᠴᠡ ᠲᠣᠭᠲᠠᠭᠠᠯ ᠶᠣᠰᠣᠭᠠᠷ ᠭᠦᠢᠴᠡᠳᠭᠡᠭᠰᠡᠨ ᠦᠭᠡᠢ ᠪᠣᠯ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠡᠳ ᠳᠠᠷᠤᠭᠠᠳ ᠮᠡᠳᠡᠭᠦᠯᠦᠭᠰᠡᠨ᠂ ᠬᠤᠳᠠᠯ ᠢᠶᠠᠷ ᠮᠡᠳᠡᠭᠦᠯᠦᠭᠰᠡᠨ ᠪᠤᠶᠤ ᠮᠡᠳᠡᠭᠦᠯᠬᠦ ᠠᠴᠠ ᠣᠷᠬᠢᠭᠳᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ︔      8. ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠳᠠᠭᠠᠭᠠᠨ ᠠᠪᠴᠤ ᠭᠦᠢᠴᠡᠳᠭᠡᠬᠦ ᠳᠠᠭᠠᠭᠠᠨ ᠭᠦᠢᠴᠡᠳᠭᠡᠬᠦ ᠨᠢᠭᠡᠴᠢ ᠨᠢ ᠠᠵᠢᠯ ᠮᠡᠷᠭᠡᠵᠢᠯ ᠤᠨ ᠶᠣᠰᠣ ᠮᠣᠷᠠᠯ ᠪᠠ ᠬᠤᠯᠪᠤᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠵᠠᠷᠯᠠᠨ ᠰᠢᠭᠦᠮᠵᠢᠯᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠵᠠᠯᠠᠷᠠᠭᠤᠯᠤᠭᠤᠯᠤᠨ᠎ᠠ︔ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠳᠠᠭᠠᠭᠠᠨ ᠠᠪᠴᠤ ᠰᠢᠢᠳᠪᠤᠷᠢᠯᠡᠬᠦ ᠬᠢᠷᠢ ᠬᠡᠮ ᠢ ᠨᠢ ᠬᠠᠰᠤᠵᠤ᠂ ᠵᠣᠬᠢᠴᠠᠩᠭᠤᠶ ᠬᠠᠷᠢᠭᠤᠴᠠᠯᠭ᠎ᠠ ᠶᠢ ᠬᠠᠮᠲᠤ ᠳᠤᠨᠢ ᠡᠭᠦᠷᠭᠡᠯᠡᠨ᠎ᠡ︔      9. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠰᠢᠭᠦᠯᠲᠡ ᠳᠤ ᠣᠷᠣᠯᠴᠠᠬᠤ᠂ ᠰᠢᠭᠦᠬᠦ ᠬᠤᠷᠢᠶ᠎ᠠ ᠠᠴᠠ ᠰᠢᠭᠦᠯᠲᠡ ᠳᠤ ᠣᠷᠣᠯᠴᠠᠬᠤ ᠪᠠᠷ ᠰᠠᠨᠠᠭᠤᠯᠤᠭᠰᠠᠨ ᠪᠣᠯᠪᠠᠴᠤ ᠮᠥᠨ ᠰᠢᠭᠦᠯᠲᠡ ᠳᠤ ᠣᠷᠣᠯᠴᠠᠬᠤ ᠦᠭᠡᠢ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠷᠢᠭᠤᠴᠠᠯᠭᠠᠲᠠᠨ᠃ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢ ᠬᠢᠨᠠᠨ ᠰᠢᠯᠭᠠᠬᠤ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠠᠴᠠ ᠵᠠᠷᠯᠠᠨ ᠮᠡᠳᠡᠭᠳᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ᠂ ᠮᠠᠭᠤ ᠨᠥᠯᠥᠭᠡ ᠭᠠᠷᠭᠠᠭᠰᠠᠨ ᠪᠠᠶᠢᠪᠠᠯ᠂ ᠡᠷᠬᠡᠲᠦ ᠪᠠᠶᠢᠭᠤᠯᠭ᠎ᠠ ᠳᠤ ᠬᠠᠤᠯᠢ ᠶᠣᠰᠣᠭᠠᠷ ᠵᠠᠰᠠᠭ ᠤᠨ ᠶᠠᠪᠤᠳᠠᠯ ᠤᠨ ᠰᠢᠳᠬᠡᠯ ᠥᠭᠭᠦᠭᠦᠯᠬᠦ ᠪᠠᠷ ᠳᠡᠪᠰᠢᠭᠦᠯᠦᠨ᠎ᠡ︔      10. 10 ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠵᠤᠶᠢᠯ ᠤᠨ  ᠪᠠᠶᠢᠳᠠᠯ᠃                                                                                           ᠣᠷᠴᠢᠭᠤᠯᠤᠭᠴᠢ᠄ ᠨᠠᠷᠠᠰᠤ   ᠡᠷᠳᠡᠨᠢᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3