ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠨᠢᠭᠡᠴᠡ᠄ | ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︿ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠤᠷᠢᠲᠤ ᠪᠤᠳᠤᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠲᠦᠷᠢᠮ﹀ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠡᠷᠭᠡ ᠭᠤᠷᠪᠠᠨ ᠵᠤᠶᠢᠯ ᠤᠨ ᠲᠦᠷᠢᠮ ᠢ ᠬᠡᠷᠡᠭᠵᠢᠭᠦᠯᠬᠦ ᠰᠠᠨᠠᠯ︾ ᠢ ᠰᠢᠶᠠᠨ ᠤ ᠠᠷᠠᠳ ᠤᠨ | ᠵᠠᠰᠠᠭ ᠤᠨ ᠣᠷᠳᠣᠨ ᠤ 2020 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 5 ᠰᠠᠷ᠎ᠠ ᠶᠢᠨ 8 ᠤ ᠡᠳᠦᠷ | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ | ᠬᠡᠷᠡᠭᠵᠢᠭᠦᠯᠬᠦ ᠳᠦᠷᠢᠮ︾ ᠵᠡᠷᠭᠡ ᠭᠤᠷᠪᠠᠨ ᠵᠤᠶᠢᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ | ᠬᠡᠷᠡᠭᠵᠢᠭᠦᠯᠬᠦ ᠰᠠᠨᠠᠯ | ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ | ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠢᠯᠡ ᠨᠡᠶᠢᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠴᠢᠬᠤᠯᠠ ᠶᠡᠭᠡ ᠬᠠᠤᠯᠢ | ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠷᠭ᠎ᠠ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ﹇244 ᠳ᠋ᠦᠭᠡᠷ ᠲᠣᠭᠠᠲᠤ︶︶᠂ | ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠤᠬᠠᠶ | ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠠᠯᠪᠠᠨ ᠲᠠᠷᠬᠠᠭᠠᠭᠰᠠᠨ ﹇2020﹈ 4 ᠳ᠋ᠦᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠩ ᠾᠧ ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠂ ᠲᠣᠰ ᠬᠡᠷᠡᠭᠵᠢᠭᠦᠯᠬᠦ ᠰᠠᠨᠠᠯ ᠢ ᠲᠤᠭᠲᠠᠭᠠᠪᠠ ᠃ | ᠨᠢᠭᠡ᠂ ᠦᠨᠳᠦᠰᠦᠨ ᠵᠠᠷᠴᠢᠮ | ︵ᠨᠢᠭᠡ︶ ᠰᠢᠨᠵᠢᠯᠡᠬᠦ ᠤᠬᠠᠭᠠᠨᠴᠢ ᠪᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ ᠵᠠᠷᠴᠢᠮ᠃ ᠡᠷᠬᠡᠪᠰᠢ | ᠪᠤᠰᠤᠳᠴᠢ ᠵᠢᠮ᠎ᠡ ᠶᠣᠰᠣ ᠶᠢ ᠬᠦᠨᠳᠦᠳᠬᠡᠵᠦ᠂ ᠪᠣᠳᠠᠲᠤ ᠪᠠᠶᠢᠳᠠᠯ ᠢ ᠦᠨᠳᠦᠰᠦᠯᠡᠬᠦ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠪᠠ ᠠᠷᠭ᠎ᠠ ᠶᠢ ᠬᠡᠷᠡᠭᠯᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠢᠯᠡ ᠲᠣᠳᠣ᠂ ᠬᠠᠤᠯᠢ ᠶᠣᠰᠣᠨ ᠤ ᠵᠢᠷᠤᠮᠵᠢᠯ ᠲᠠᠢ ᠪᠠᠶᠢᠯᠭᠠᠬᠤ ᠶᠢ ᠠᠬᠢᠭᠤᠯᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠶ ᠨᠠᠶᠢᠭᠡᠮ ᠤᠨ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠭᠦᠭᠵᠢᠯᠲᠡ᠂ | ᠥᠭᠡᠷᠡᠴᠢᠯᠡᠯᠲᠡ ᠪᠠ ᠲᠣᠭᠲᠠᠭᠤᠨ ᠪᠠᠶᠢᠳᠠᠯ ᠳᠤ ᠵᠣᠬᠢᠴᠠᠭᠤᠯᠤᠨ᠎ᠠ᠃ | ︵ᠬᠤᠶᠠᠷ︶ ᠠᠷᠠᠳᠴᠢᠯᠠᠯ ᠢᠶᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ ᠵᠠᠷᠴᠢᠮ᠃ ᠡᠷᠬᠡᠪᠰᠢ ᠠᠷᠠᠳᠴᠢᠯᠠᠯ | ᠲᠥᠪᠯᠡᠷᠡᠯ ᠤᠨ ᠶᠣᠰᠣᠨ ᠤ ᠵᠠᠷᠴᠢᠮ ᠢ ᠪᠠᠷᠢᠮᠲᠠᠯᠠᠵᠤ᠂ ᠬᠠᠮᠲᠤᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠂ | ᠲᠤᠰᠬᠠᠶ ᠶᠠᠷᠢᠯᠴᠠᠬᠤ᠂ ᠣᠯᠠᠨ ᠨᠡᠶᠢᠲᠡ ᠪᠠᠷ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠬᠤᠷᠠᠯ ᠢᠶᠠᠷ ᠲᠣᠭᠲᠠᠭᠠᠬᠤ ᠵᠡᠷᠭᠡ ᠵᠠᠷᠴᠢᠮ ᠤᠨ ᠶᠣᠰᠣ ᠭᠠᠷ᠂ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠤᠷᠢᠲᠤ ᠪᠣᠳᠣᠯᠭ᠎ᠠ ᠲᠣᠭᠲᠠᠭᠠᠬᠤ︾ ᠵᠡᠷᠭᠡ ᠵᠤᠶᠢᠯᠡᠰ ᠤᠨ ᠰᠢᠢᠳᠪᠤᠷᠢᠲᠤ ᠪᠣᠳᠣᠯᠭ᠎ᠠ ᠲᠣᠭᠲᠠᠭᠠᠬᠤ ᠶᠢᠨ | ᠠᠷᠠᠳᠴᠢᠯᠠᠯᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠰᠠᠬᠢᠯᠭ᠎ᠠ ᠪᠠᠲᠤ ᠳᠦᠷᠢᠮ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠤᠷᠢᠲᠤ | ᠪᠣᠳᠣᠯᠭ᠎ᠠ ᠲᠤᠭᠲᠠᠭᠠᠬᠤ ᠵᠠᠷᠴᠢᠮ᠃ ᠡᠷᠬᠡᠪᠰᠢ ᠤᠯᠤᠰ ᠠᠴᠠ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ | ᠬᠠᠤᠯᠢ ᠶᠣᠰᠣᠭᠠᠷ ᠵᠢᠷᠤᠮᠵᠢᠭᠤᠨ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠨᠠᠮ ᠤᠨ | ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠰᠠᠬᠢᠯᠭ᠎ᠠ ᠪᠠᠲᠤ ᠶᠢ ᠵᠢᠷᠤᠮᠯᠠᠵᠤ᠂ ᠰᠢᠢᠳᠪᠤᠷᠢᠲᠤ ᠪᠣᠳᠣᠯᠭ᠎ᠠ | ᠲᠣᠭᠲᠠᠭᠠᠬᠤ ᠡᠷᠬᠡ ᠶᠢ ᠬᠠᠤᠯᠢ ᠶᠢᠨ ᠦᠨᠳᠦᠰᠦᠯᠡᠯ ᠲᠠᠢ᠃ ᠰᠢᠢᠳᠪᠤᠷᠢᠲᠤ ᠪᠣᠳᠣᠯᠭ᠎ᠠ ᠲᠣᠭᠲᠠᠭᠠᠬᠤ ᠤᠶᠢᠯᠡ | ᠠᠵᠢᠯᠯᠠᠭ᠎ᠠ ᠶᠢ ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠡᠷᠡᠭᠵᠢᠭᠦᠯᠦᠨ᠎ᠡ᠃ | ᠬᠤᠶᠠᠷ᠂ ᠬᠡᠷᠡᠭᠵᠢᠭᠦᠯᠬᠦ ᠰᠠᠨᠠᠯ | ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ | ᠨᠢᠭᠡᠳᠦᠭᠡᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠶᠢᠨ ᠵᠤᠶᠢᠯᠡᠰ ᠤᠨ | ᠭᠠᠷᠴᠠᠭ᠂ ᠪᠠᠷᠢᠮᠵᠢᠶ᠎ᠠ | 1᠃ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠥᠬᠦ ᠰᠢᠶᠠᠨ ᠤ ᠣᠯᠠᠨ ᠨᠡᠶᠢᠲᠡ ᠶᠢᠨ ᠤᠶᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠨᠠᠶᠢᠭᠡᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠴᠢᠬᠤᠯᠠ ᠶᠡᠭᠡ ᠣᠯᠠᠨ | ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠄ | ︵1︶ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ | ᠬᠦᠳᠡᠯᠮᠦᠷᠢ ᠠᠵᠢᠯ ᠣᠯᠭᠤᠯᠲᠠ᠂ ᠰᠤᠷᠭᠠᠨ ᠬᠥᠮᠦᠵᠢᠯ᠂ ᠰᠣᠶᠣᠯ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ︔ | | ︵2︶ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ᠂ ᠢᠳᠡᠭᠡᠨ ᠤ ᠵᠤᠶᠢᠯ ᠡᠮ ᠤᠨ | ᠵᠤᠶᠢᠯ ᠤᠨ ᠠᠮᠤᠷ ᠲᠤ ᠪᠰᠢᠨ ᠵᠡᠷᠭᠡ ᠲᠠᠯ᠎ᠠ ᠪᠠᠷ︔ | ︵3︶ ᠤᠯᠠᠨ ᠨᠡᠶᠢᠲᠡ ᠶᠢᠨ ᠠᠮᠤᠷ ᠲᠦᠪᠰᠢᠨ᠂ ᠠᠶᠤᠯᠭᠦᠶ ᠤᠶᠢᠯᠳᠪᠤᠷᠢᠯᠡᠯ᠂ ᠵᠠᠮ ᠲᠡᠭᠡᠭᠡᠪᠦᠷᠢ ᠵᠡᠷᠭᠡ | ᠲᠠᠯ᠎ᠠ ᠪᠠᠷ︔ | ︵4︶ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠬᠤ ᠵᠡᠷᠭᠡ ᠲᠠᠯ᠎ᠠ ᠪᠠᠷ᠃ | 2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠪᠦᠬᠦ ᠰᠢᠶᠠᠨ ᠤ ᠠᠵᠤ | ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠲᠦᠯᠦᠪᠵᠢᠭᠦᠯᠭᠡ ᠳᠤ ᠳᠣᠤᠷᠠᠬᠢ | ᠵᠤᠶᠢᠯᠡᠰ ᠪᠠᠭᠲᠠᠨ᠎ᠠ᠄ | ︵1︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ︔ | ︵2︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ︔ | ︵3︶ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠵᠤ ᠤᠶᠢᠯᠡᠰ ᠤᠨ ᠬᠥᠭᠵᠢᠯᠲᠡ ᠵᠡᠷᠭᠡ | ᠲᠤᠰᠬᠠᠶ ᠲᠥᠯᠥᠪᠵᠢᠭᠦᠯᠭᠡ︔ | ︵4︶ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ | ᠲᠥᠯᠥᠪᠵᠢᠭᠦᠯᠭᠡ᠃ | 3᠃ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠴᠢᠬᠤᠯᠠ ᠪᠠᠶᠢᠭᠠᠯᠢ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠵᠡᠷᠭᠡ ᠲᠠᠯ᠎ᠠ ᠳᠤ ᠬᠤᠯᠪᠤᠭᠳᠠᠬᠤ ᠴᠢᠬᠤᠯᠠ ᠶᠡᠭᠡ ᠤᠯᠠᠨ | ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠳᠤ ᠪᠠᠭᠲᠠᠬᠤ ᠨᠢ᠄ | ︵1︶ ᠳᠡᠯᠡᠬᠡᠶ ᠶᠢᠨ ᠰᠣᠶᠣᠯ ᠤᠨ ᠦᠯᠡᠳᠡᠭᠳᠡᠵᠦ ᠭᠠᠷᠤᠭᠰᠠᠨ ᠭᠠᠵᠠᠷ ᠢ ᠬᠠᠮᠠᠭᠠᠯᠠᠬᠤ ᠲᠠᠯ᠎ᠠ ᠪᠠᠷ︔ | ︵2︶ ᠤᠯᠤᠰ ᠤᠨ ᠲᠠᠰ᠂ ᠮᠤᠵᠢ ᠶᠢᠨ ᠲᠠᠰ ᠤᠨ ᠠᠯᠳᠠᠷᠲᠤ ᠦᠵᠡᠮᠵᠢ ᠶᠢᠨ ᠣᠷᠣᠨ ᠢ ᠬᠠᠮᠠᠭᠠᠯᠠᠵᠤ | ᠨᠡᠭᠡᠭᠡᠨ ᠭᠦᠭᠵᠢᠭᠦᠯᠬᠦ ᠲᠠᠯ᠎ᠠ ᠪᠠᠷ︔ | ︵3︶ ᠪᠤᠰᠤᠳ ᠴᠢᠬᠤᠯᠠ ᠭᠠᠵᠠᠷ ᠰᠢᠷᠣᠶ᠂ ᠤᠢ ᠰᠢᠭᠤᠶ ᠡᠪᠡᠰᠦ᠂ ᠤᠰᠤᠨ ᠤ ᠡᠬᠢ ᠪᠠᠶᠠᠯᠢᠭ ᠵᠡᠷᠭᠡ | ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠲᠠᠯ᠎ᠠ ᠪᠠᠷ᠃ | 4᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠰᠢᠶᠠᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠬᠤ ᠴᠢᠬᠤᠯᠠ ᠲᠠᠢ ᠴᠢᠬᠤᠯᠠ ᠶᠡᠭᠡ ᠣᠯᠠᠨ ᠨᠡᠶᠢᠲᠡ ᠶᠢᠨ ᠠᠰᠢᠭ | ᠲᠤᠰᠠ ᠳᠤ ᠬᠤᠯᠪᠣᠭᠳᠠᠬᠤ ᠰᠢᠶᠠᠨ ᠤ ᠱᠠᠲᠤᠨ ᠠᠴᠠ ᠳᠡᠭᠡᠭᠰᠢᠬᠢ ᠭᠤᠤᠯᠳᠠᠯᠭ᠎ᠠ ᠲᠠᠢ ᠣᠯᠠᠨ ᠨᠡᠶᠢᠲᠡ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ᠃ | 5᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠪᠦᠬᠦ ᠰᠢᠶᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ | ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ | ᠵᠤᠶᠢᠯᠡᠰ᠃ | ᠬᠤᠶᠠᠳᠤᠭᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠤᠳᠤᠯᠭ᠎ᠠ ᠲᠣᠭᠲᠠᠭᠠᠬᠤ | ᠵᠢᠷᠤᠮ ᠤᠨ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠶ | ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠤᠳ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠲᠠᠪᠤᠨ ᠶᠡᠭᠡ ᠬᠠᠤᠯᠢ ᠪᠠᠷ ᠲᠣᠭᠲᠠᠭᠠᠭᠰᠠᠨ ᠳᠡᠰ | ᠳᠠᠷᠠᠭᠠᠯᠠᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠲᠥᠰᠦᠯ ᠢ ᠪᠦᠷᠢᠯᠳᠦᠭᠦᠯᠬᠦ | ᠶᠠᠪᠤᠴᠠ ᠳᠤ᠂ ᠬᠠᠤᠯᠢ ᠶᠣᠰᠣᠭᠠᠷ ᠢᠯᠡ ᠪᠣᠯᠭᠠᠬᠤ ᠥᠬᠡᠶ ᠰᠢᠢᠳᠪᠤᠷᠢᠲᠤ ᠪᠣᠳᠣᠯᠭ᠎ᠠ ᠶᠢᠨ ᠵᠦᠶ᠋ᠯᠡᠰ ᠢ ᠭᠠᠷᠭᠠᠪᠠᠯ᠂ | ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠪᠢᠴᠢᠭ ᠢᠶᠠᠷ | ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠬᠤ᠂ ᠠᠷᠠᠳ ᠤᠨ ᠰᠠᠨᠠᠯ ᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ | ᠰᠠᠨᠠᠯ ᠢ ᠰᠣᠨᠣᠰᠤᠨ᠎ᠠ︔ ᠲᠤᠰᠬᠠᠶ ᠮᠡᠷᠭᠡᠵᠢᠯ ᠤᠨ ᠴᠢᠨᠠᠷᠲᠠᠶ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ | ᠰᠢᠢᠳᠪᠤᠷᠢᠲᠤ ᠪᠤᠳᠤᠯᠭ᠎ᠠ ᠶᠢᠨ ᠵᠠᠷᠢᠮ ᠵᠤᠶᠢᠯᠡᠰ ᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠬᠤ | ᠬᠡᠷᠡᠭᠲᠡᠶ︔ ᠰᠢᠢᠳᠪᠤᠷᠢᠲᠤ ᠪᠣᠳᠣᠯᠭ᠎ᠠ ᠶᠢᠨ ᠬᠡᠷᠡᠭᠵᠢᠭᠦᠯᠦᠯᠲᠡ ᠨᠢ ᠨᠡᠶᠢᠭᠡᠮ ᠤᠨ ᠲᠣᠭᠲᠠᠭᠤᠨ ︵ᠨᠡᠶᠢᠭᠡᠮ ᠤᠨ | ᠶᠣᠰᠣ ᠮᠣᠷᠠᠯ ᠶᠢ ᠬᠠᠮᠠᠭᠠᠯᠠᠬᠤ ᠵᠡᠷᠭᠡ ᠪᠠᠭᠲᠠᠨ᠎ᠠ︶᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ | ᠠᠰᠢᠭ ᠦᠭᠡᠢ ᠨᠥᠯᠥᠭᠡ ᠦᠵᠡᠭᠦᠯᠵᠦ ᠮᠡᠳᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ | ᠪᠠᠶᠢᠭᠤᠯᠬᠤ ᠬᠡᠷᠡᠭᠲᠡᠶ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠤ ᠡᠷᠬᠡᠪᠰᠢ | ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠳᠠᠮᠵᠢᠭᠰᠠᠨ ᠦᠭᠡᠢ ᠪᠤᠶᠤ ᠬᠢᠨᠠᠨ ᠪᠠᠶᠢᠴᠠᠭᠠᠭᠠᠳ ᠬᠠᠤᠯᠢ ᠳᠤ ᠨᠡᠶᠢᠴᠡᠬᠦ ᠦᠭᠡᠢ ᠪᠠᠶᠢᠪᠠᠯ᠂ ᠰᠢᠢᠳᠪᠤᠷᠢᠲᠤ | ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠳᠡᠪᠰᠢᠭᠦᠯᠦᠨ ᠶᠠᠷᠢᠯᠴᠠᠭᠤᠯᠵᠤ ᠪᠣᠯᠬᠤ ᠦᠭᠡᠢ︔ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠤ ᠰᠢᠢᠳᠪᠤᠷᠢᠲᠤ ᠪᠣᠳᠣᠯᠭ᠎ᠠ ᠲᠤᠭᠲᠠᠭᠠᠬᠤ ᠪᠠᠶᠢᠭᠤᠯᠭ᠎ᠠ ᠶᠢᠨ | ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠶᠠᠷᠢᠯᠴᠠᠭᠤᠯᠬᠤ ᠬᠡᠷᠡᠭᠲᠡᠶ᠃ | ᠭᠤᠷᠪᠠᠳᠤᠭᠠᠷ ᠲᠤ᠂ ᠰᠢᠢᠳᠪᠤᠷᠢᠲᠤ ᠪᠤᠳᠤᠯᠭ᠎ᠠ ᠶᠢ ᠬᠡᠷᠡᠭᠵᠢᠭᠦᠯᠬᠦ ᠪᠠ ᠲᠣᠬᠢᠷᠠᠭᠤᠯᠬᠤ ᠵᠢᠷᠤᠮ | ᠰᠢᠢᠳᠪᠤᠷᠢᠲᠤ ᠪᠤᠳᠤᠯᠭ᠎ᠠ ᠶᠢ ᠬᠡᠷᠡᠭᠵᠢᠭᠦᠯᠬᠦ ᠪᠣᠯ ᠰᠢᠢᠳᠪᠤᠷᠢᠲᠤ ᠪᠤᠳᠤᠯᠭ᠎ᠠ ᠶᠢ ᠨᠠᠶᠢᠳᠠᠪᠤᠷᠢᠵᠢᠭᠤᠯᠬᠤ | ᠡᠰᠡᠬᠦ ᠶᠢᠨ ᠵᠠᠩᠭᠢᠯᠠᠭ᠎ᠠ ᠮᠥᠨ᠃ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠤᠭᠤᠳ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠶᠢ ᠲᠣᠳᠣᠷᠬᠠᠶᠢᠯᠠᠬᠤ ᠶᠢᠨ ᠬᠠᠮᠲᠤ | ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃ | ᠰᠢᠢᠳᠪᠤᠷᠢᠲᠤ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ | ᠪᠣᠳᠣᠯᠭ᠎ᠠ ᠶᠢ ᠬᠠᠤᠯᠢ ᠶᠣᠰᠣᠭᠠᠷ ᠪᠦᠬᠦ ᠲᠠᠯ᠎ᠠ ᠪᠠᠷ᠂ ᠴᠠᠭ ᠲᠤᠬᠠᠶ ᠳᠤᠨᠢ᠂ ᠵᠥᠪ ᠣᠨᠣᠪᠴᠢᠲᠠᠶ ᠬᠡᠷᠡᠭᠵᠢᠭᠦᠯᠬᠦ ᠶᠢᠨ | ᠬᠠᠮᠲᠤ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠᠶᠢᠭᠤᠯᠤᠯᠭ᠎ᠠ ᠳᠤ ᠰᠢᠢᠳᠪᠤᠷᠢᠲᠤ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠬᠠᠤᠯᠢ ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠤᠷᠢᠲᠤ ᠪᠤᠳᠤᠯᠭ᠎ᠠ ᠶᠢ ᠬᠠᠤᠯᠢ ᠪᠠᠷ ᠲᠣᠭᠲᠠᠭᠠᠭᠰᠠᠨ ᠵᠢᠷᠤᠮ ᠢ ᠳᠠᠮᠵᠢᠬᠤ ᠦᠭᠡᠢ ᠪᠠᠷ | ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠪᠠᠨ ᠵᠣᠭᠰᠣᠭᠠᠵᠤ ᠪᠣᠯᠬᠤ ᠦᠭᠡᠢ︔ ᠴᠢᠬᠤᠯᠠ ᠶᠡᠭᠡ | ᠲᠤᠬᠢᠷᠠᠭᠤᠯᠤᠯᠲᠠ ᠬᠢᠬᠦ ᠴᠢᠬᠤᠯᠠᠲᠠᠶ ᠪᠠᠶᠢᠪᠠᠯ᠂ ᠬᠤᠯᠪᠣᠭᠳᠠᠯ ᠪᠦᠬᠦᠢ ᠬᠠᠤᠯᠢ ᠪᠠᠷ ᠲᠣᠭᠲᠠᠭᠠᠭᠰᠠᠨ ᠵᠢᠷᠤᠮ ᠢ | ᠭᠦᠢᠴᠡᠳᠭᠡᠬᠦ ᠬᠡᠷᠡᠭᠲᠡᠶ᠃ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠᠶᠢᠭᠤᠯᠭ᠎ᠠ ᠰᠢᠢᠳᠪᠤᠷᠢᠲᠤ ᠪᠣᠳᠣᠯᠭ᠎ᠠ ᠶᠢ | ᠬᠡᠷᠡᠭᠵᠢᠭᠦᠯᠬᠦ ᠶᠠᠪᠤᠴᠠ ᠳᠠᠬᠢ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠪᠠ ᠰᠢᠢᠳᠪᠤᠷᠢᠲᠤ ᠪᠣᠳᠣᠯᠭ᠎ᠠ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠢᠳᠪᠤᠷᠢᠲᠤ | ᠪᠣᠳᠣᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠳᠠᠯ ᠭᠠᠷᠪᠠᠯ᠂ ᠰᠢᠢᠳᠪᠤᠷᠢᠲᠤ ᠪᠤᠳᠤᠯᠭ᠎ᠠ ᠳᠤ | ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠴᠠᠭ ᠲᠤᠬᠠᠶ ᠳᠤᠨᠢ ᠡᠬᠢᠯᠡᠭᠦᠯᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ | ᠶᠡᠭᠡ ᠲᠠᠯ᠎ᠠ ᠶᠢ ᠨᠡᠩ ᠰᠠᠶᠢᠲᠤᠷ ᠬᠠᠮᠠᠭᠠᠯᠠᠨ᠎ᠠ᠃ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ | ᠶᠠᠪᠤᠴᠠ ᠶᠢᠨ ᠲᠡᠮᠳᠡᠭᠯᠡᠯ ᠪᠣᠯᠤᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ | ᠬᠢᠨᠠᠨ ᠬᠠᠷᠭᠤᠭᠤᠯᠤᠯᠲᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤ | ᠴᠠ ᠶᠢᠨ ᠲᠡᠮᠳᠡᠭᠯᠡᠯ ᠪᠠ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ | ᠬᠠᠷᠭᠤᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠶᠣᠰᠣᠭᠠᠷ ᠵᠢᠷᠤᠮᠵᠢᠭᠤᠯᠬᠤ᠂ ᠠᠷᠠᠳ ᠤᠨ | ᠲᠥᠯᠥᠭᠡ ᠬᠠᠤᠯᠢ ᠬᠡᠷᠡᠭᠵᠢᠭᠦᠯᠬᠦ᠂ ᠪᠣᠳᠠᠲᠠᠶ ᠶᠢ ᠡᠷᠬᠢᠮᠯᠡᠨ ᠦᠡᠳᠤᠷ ᠪᠦᠲᠦᠮᠵᠢᠲᠡᠶ ᠪᠠᠶᠢᠬᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ᠂ ᠨᠢᠭᠡᠳᠦᠯᠲᠡᠶ ᠲᠥᠯᠥᠪᠯᠡᠨ ᠵᠤᠬᠢᠴᠠᠭᠤᠯᠬᠤ ᠪᠠᠷ ᠵᠠᠷᠴᠢᠮ ᠪᠣᠯᠭᠠᠬᠤ ᠶᠢ ᠪᠠᠷᠢᠮᠲᠠᠯᠠᠵᠤ᠂ | ᠮᠠᠨ ᠤ ᠰᠢᠶᠠᠨ ᠤ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷ ᠡᠭᠵᠢᠭᠦᠯᠬᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ | ᠬᠠᠨᠤᠮᠵᠢ ᠶᠢᠨ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ | ᠨᠢᠭᠡᠳᠦᠭᠡᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠭᠡᠳᠡᠭ ᠨᠢ ᠵᠣᠬᠢᠬᠤ ᠠᠴᠢᠶᠠᠯᠠᠪᠤᠷᠢ ᠪᠠ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ | ᠭᠤᠣᠯ ᠴᠣᠭᠴᠠ᠂ ᠠᠵᠢᠯᠲᠠᠨ᠂ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠢᠵᠠᠭᠠᠷ᠂ ᠦᠨᠳᠦᠰᠦ ᠪᠠᠷᠢᠮᠲᠠ᠂ ᠳᠡᠰ | ᠳᠠᠷᠠᠭᠠᠯᠠᠯ᠂ ᠦᠷ᠎ᠡ ᠳ᠋ᠦᠩ᠂ ᠬᠢᠨᠠᠯᠲᠠ ᠲᠠᠯᠪᠢᠬᠤ ᠠᠷᠭ᠎ᠠ ᠮᠠᠶ᠋ᠢᠭ᠂ ᠲᠡᠳᠬᠦᠬᠦ ᠠᠷᠭ᠎ᠠ ᠵᠠᠮ ᠵᠡᠷᠭᠡ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠣᠯᠭᠠᠨ᠎ᠠ᠃ | ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠠ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠤᠷᠤᠯᠴᠠᠬᠤ | ᠡᠷᠬᠡ᠂ ᠲᠡᠳᠬᠦᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠨᠡᠶᠢᠭᠡᠮ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠪᠡ᠃ ᠡᠭᠦᠨ ᠳᠤ ᠭᠤᠤᠯᠳᠠᠭᠤ ᠳᠣᠤᠷᠠᠬᠢ ᠵᠤᠶᠢᠯ ᠤᠳ ᠢ ᠪᠠᠭᠲᠠᠭᠠᠨ᠎ᠠ᠄ | 1 . ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠭᠦᠢᠴᠡᠳᠬᠡᠬᠦ ᠰᠠᠯᠠᠭ᠎ᠠ ᠮᠥᠴᠢᠷ ᠨᠢ ᠰᠢᠶᠠᠨ ᠤ | ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠤᠶᠤ ᠪᠤᠰᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠠᠪᠴᠠᠩ ᠢᠶᠠᠷ ᠳᠠᠮᠵᠢᠭᠤᠯᠤᠨ ᠢᠯᠡ ᠨᠡᠶᠢᠲᠡᠯᠡᠵᠦ᠂ ᠳᠣᠤᠷᠠᠬᠢ ᠬᠤᠯᠪᠣᠭᠳᠠᠯ | ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠤᠯᠢ ᠶᠤᠰᠤᠭᠠᠷ ᠨᠡᠶᠢᠭᠡᠮ ᠳᠤ ᠢᠯᠡ | ᠪᠣᠯᠭᠠᠨ᠎ᠠ᠄ | ︵1︶ ᠬᠠᠤᠯᠢ ᠬᠡᠷᠡᠭᠵᠢᠭᠦᠯᠬᠦ ᠭᠤᠤᠯ ᠴᠣᠭᠴᠠ᠂ ᠠᠵᠢᠯᠯᠠᠬᠤ ᠭᠠᠵᠠᠷ᠂ ᠵᠠᠬᠢᠳᠠᠯ ᠨᠡᠪᠲᠡᠷᠡᠬᠦ ᠬᠠᠶ᠋ᠢᠭ᠂ | ᠠᠰᠠᠭᠤᠨ ᠯᠠᠪᠯᠠᠬᠤ ᠳ᠋ᠢᠶᠠᠩᠬᠤᠸᠠ᠂ ᠬᠢᠨᠠᠯᠲᠠ ᠲᠠᠯᠪᠢᠬᠤ ᠳ᠋ᠢᠶᠠᠩᠬᠤᠸᠠ︔ | ︵2︶ ᠬᠠᠤᠯᠢ ᠬᠡᠷᠡᠭᠵᠢᠭᠦᠯᠬᠦ ᠡᠷᠬᠡ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ᠂ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ ᠵᠤᠶᠢᠯᠡᠰ ᠤᠨ ᠨᠠᠷᠢᠨ ᠲᠠᠩᠰᠠ︔ | ︵3︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠣᠪᠣᠭ ᠨᠡᠷ᠎ᠡ᠂ ᠨᠢᠭᠡᠴᠡ᠂ ᠲᠤᠰᠢᠶᠠᠯ᠂ | ᠬᠡᠷᠡᠯ ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ | ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ︔ | ︵4︶ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ᠤᠶᠢᠯᠡᠴᠢᠯᠡᠬᠦ ᠡᠲᠡᠭᠡᠳ᠂ ᠭᠥᠯᠢᠶᠡᠨ | ᠠᠪᠴᠤ ᠰᠢᠢᠳᠪᠤᠷᠢᠯᠡᠬᠦ ᠨᠥᠬᠦᠴᠡᠯ᠂ ᠭᠦᠢᠴᠡᠳᠭᠡᠬᠦ ᠠᠷᠭ᠎ᠠ ᠮᠠᠶ᠋ᠢᠭ᠂ ᠭᠦᠢᠴᠡᠳᠭᠡᠬᠦ ᠴᠤᠪᠤᠷᠠᠯ᠂ ᠭᠦᠶ᠋ᠴᠡᠳᠬᠡᠬᠦ | ᠴᠠᠭ ᠤᠨ ᠬᠢᠵᠠᠭᠠᠷ᠂ ᠰᠤᠶᠢᠳᠭᠡᠯ ᠬᠤᠷᠢᠶᠠᠬᠤ ᠪᠠᠷᠢᠮᠵᠢᠶ᠎ᠠ᠂ ᠰᠤᠶᠢᠳᠭᠡᠯ ᠬᠤᠷᠢᠶᠠᠬᠤ ᠦᠨᠳᠦᠰᠦᠯᠡᠯ ᠵᠢᠴᠢ | ᠭᠤᠶᠤᠴᠢᠯᠠᠬᠤ ᠮᠠᠲ᠋ᠧᠷᠢᠶᠠᠯ ᠤᠨ ᠭᠠᠷᠴᠠᠭ᠂ ᠬᠦᠰᠦᠨᠦᠭᠲᠦ ᠵᠡᠷᠭᠡ︔ | ︵5︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ︔ | ︵6︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠲᠡᠯᠡᠬᠦ ᠬᠡᠷᠡᠭᠲᠡᠶ ᠦᠨᠳᠦᠰᠦᠨ ᠮᠡᠳᠡᠭᠡ ᠵᠠᠩᠭᠢ᠃ | 2.ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ ᠦᠵᠡᠭᠦᠯᠬᠦ ᠬᠡᠷᠡᠭᠲᠡᠶ᠂ ᠬᠢᠨᠠᠯᠲᠠ ᠲᠠᠯᠪᠢᠵᠤ | ᠪᠠᠶᠢᠴᠠᠭᠠᠬᠤ᠂ ᠪᠠᠶᠢᠴᠠᠭᠠᠵᠤ ᠭᠡᠷᠡᠴᠢ ᠠᠪᠬᠤ᠂ ᠪᠢᠴᠢᠭ ᠬᠠᠷ᠎ᠠ ᠬᠦᠷᠭᠡᠬᠦ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ | ᠬᠢᠬᠦ ᠳᠡᠭᠡᠨ ᠲᠤᠬᠠᠶ ᠶᠢᠨ ᠬᠥᠮᠦᠨ ᠳᠤ ᠬᠠᠤᠯᠢ ᠬᠡᠷᠡᠭᠵᠢᠭᠦᠯᠬᠦ ᠤᠴᠢᠷ ᠰᠢᠯᠲᠠᠭᠠᠨ᠂ ᠬᠠᠤᠯᠢ ᠬᠡᠷᠡᠭᠵᠢᠭᠦᠯᠬᠦ | ᠦᠨᠳᠦᠰᠦ ᠪᠠᠷᠢᠮᠲᠠ᠂ ᠡᠷᠬᠡ ᠡᠭᠦᠷᠭᠡ᠂ ᠠᠪᠤᠷᠠᠨ ᠲᠤᠰᠠᠯᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠬᠡᠯᠡᠵᠦ ᠥᠭᠬᠦ | ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠠᠤᠯᠢ ᠶᠣᠰᠣᠭᠠᠷ ᠭᠠᠷᠭᠠᠵᠤ ᠥᠭᠬᠦ | ᠬᠡᠷᠡᠭᠲᠡᠶ᠃ | 3. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠡᠨ ᠬᠠᠤᠯᠢ ᠬᠡᠷᠡᠭᠵᠢᠭᠦᠯᠦᠭᠰᠡᠨ ᠪᠣᠯ | ᠂ ᠬᠡᠨ ᠢᠯᠡ ᠨᠡᠶᠢᠲᠡᠯᠡᠬᠦ ᠵᠠᠷᠴᠢᠮ ᠤᠨ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠮᠡᠳᠡᠭᠡ ᠵᠠᠩᠭᠢ | ᠴᠤᠭᠯᠠᠭᠤᠯᠬᠤ᠂ ᠬᠢᠨᠠᠬᠤ᠂ ᠨᠡᠶᠢᠲᠡᠯᠡᠬᠦ᠂ ᠬᠦᠴᠦᠨ ᠦᠭᠡᠶ ᠪᠣᠯᠭᠠᠬᠤ ᠪᠠ ᠰᠢᠨᠡᠳᠬᠡᠬᠦ ᠳᠦᠷᠢᠮ ᠢ ᠪᠠᠶᠢᠭᠤᠯᠬᠤ | ᠬᠡᠷᠡᠭᠲᠡᠶ᠃ ᠬᠠᠤᠯᠢ ᠬᠡᠷᠡᠭᠵᠢᠭᠦᠯᠬᠦ ᠭᠤᠣᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ ᠤᠨ ᠪᠣᠳᠠᠲᠤ | ᠶᠠᠪᠤᠳᠠᠯ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠵᠤ᠂ ᠨᠡᠶᠢᠭᠡᠮ ᠤᠨ | ᠬᠢᠨᠠᠯᠲᠠ ᠶᠢ ᠬᠦᠯᠢᠶᠡᠨ᠎ᠡ᠃ ᠢᠯᠡ ᠪᠣᠯᠭᠠᠬᠤ ᠦᠶ᠎ᠡ ᠳᠤ ᠬᠤᠯᠪᠣᠭᠳᠠᠯ ᠪᠦᠬᠦᠢ ᠪᠠᠩᠬᠢ ᠶᠢᠨ ᠲᠠᠩᠰᠠᠨ ᠨᠣᠮᠧᠷ᠂ | ᠬᠥᠳᠡᠯᠬᠦ ᠬᠦᠷᠦᠩᠭᠡ ᠪᠤᠶᠤ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠤᠨ ᠳ᠋ᠤᠭᠠᠷ᠂ | ᠨᠢᠭᠡᠴᠢ ᠪᠤᠶᠤ ᠬᠤᠪᠢ ᠬᠥᠮᠦᠨ ᠤ ᠡᠳ᠋ ᠬᠦᠷᠦᠩᠭᠡ ᠶᠢᠨ ᠪᠠᠶᠢᠳᠠᠯ ᠵᠡᠷᠭᠡ ᠲᠤᠬᠠᠶ ᠶᠢᠨ ᠬᠥᠮᠦᠨ ᠤ ᠬᠤᠪᠢ | ᠬᠥᠮᠦᠨ ᠳᠤ ᠬᠤᠯᠪᠣᠭᠳᠠᠭᠰᠠᠨ ᠦᠨᠳᠦᠰᠦᠨ ᠮᠡᠳᠡᠭᠡ ᠵᠠᠩᠭᠢ ᠶᠢ ᠨᠢᠭᠤᠨ ᠳᠠᠯᠳᠠᠯᠠᠬᠤ ᠬᠡᠷᠡᠭᠲᠡᠶ᠃ | 4. ᠲᠤᠬᠠᠶ ᠶᠢᠨ ᠬᠥᠮᠦᠨ ᠨᠢ ᠨᠠᠰᠤᠨ ᠳᠤ ᠦᠯᠦ ᠬᠦᠷᠦᠭᠰᠡᠳ ᠪᠠᠶᠢᠵᠤ᠂ ᠤᠯᠤᠰ᠂ ᠬᠤᠳᠠᠯᠳᠤᠭ᠎ᠠ᠂ | ᠬᠤᠪᠢ ᠬᠥᠮᠦᠨ ᠤ ᠨᠢᠭᠤᠴᠠ ᠪᠤᠶᠤ ᠬᠤᠪᠢ ᠶᠢᠨ ᠨᠢᠭᠤᠴᠠ ᠳᠤ ᠬᠤᠯᠪᠣᠭᠳᠠᠵᠤ᠂ ᠲᠤᠰ ᠬᠡᠷᠡᠭ ᠲᠤ ᠬᠤᠯᠪᠣᠭᠳᠠᠬᠤ | ᠪᠤᠰᠤᠳ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠨᠥᠯᠥᠭᠡᠯᠡᠵᠦ ᠮᠡᠳᠡᠬᠦ᠂ ᠬᠡᠷᠡᠭ ᠶᠠᠯ᠎ᠠ ᠬᠢᠭᠰᠡᠨ ᠢᠶᠠᠷ | ᠰᠡᠵᠢᠭᠯᠡᠭᠳᠡᠬᠦ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠪᠠᠶᠢᠴᠠᠭᠠᠨ | ᠰᠢᠢᠳᠪᠦᠷᠢᠯᠡᠬᠦ ᠴᠢᠬᠤᠯᠠᠲᠠᠢ ᠪᠤᠶᠤ ᠶᠠᠭ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠶᠢᠴᠠᠭᠠᠨ ᠰᠢᠢᠳᠪᠦᠷᠢᠯᠡᠵᠦ | ᠪᠠᠶᠢᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠢᠯᠡ ᠪᠣᠯᠭᠠᠬᠤ ᠥᠬᠡᠶ ᠭᠡᠵᠦ | ᠲᠣᠭᠲᠠᠭᠠᠭᠰᠠᠨ ᠪᠤᠰᠤᠳ ᠪᠠᠶᠢᠳᠠᠯ ᠢ ᠢᠯᠡ ᠪᠣᠯᠭᠠᠬᠤ ᠥᠬᠡᠶ᠃ | 5. ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ | ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ | ᠢᠯᠡ ᠪᠣᠯᠭᠠᠬᠤ ᠬᠡᠷᠡᠭᠲᠡᠶ᠂ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ | ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠬᠤ | ᠬᠡᠷᠡᠭᠲᠡᠶ᠃ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠳᠤ | ᠢᠯᠡ ᠪᠣᠯᠭᠠᠬᠤ ᠬᠤᠭᠤᠴᠠᠭᠠᠨ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | 6. ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠬᠤᠯᠪᠣᠭᠳᠠᠯ ᠪᠦᠬᠦᠢ ᠦᠨᠳᠦᠰᠦ ᠪᠠᠷᠢᠮᠲᠠ᠂ ᠭᠡᠷᠡᠴᠢ | ᠪᠠᠷᠢᠮᠲᠠ ᠳᠤ᠂ ᠭᠡᠷᠡᠴᠢᠯᠡᠭᠡ ᠰᠣᠨᠣᠰᠬᠤ᠂ ᠦᠨᠡᠯᠡᠨ ᠵᠢᠱᠢᠬᠦ ᠪᠠᠷ ᠳᠠᠮᠵᠢᠭᠠᠳ᠂ ᠭᠡᠷᠡᠴᠢᠯᠡᠭᠡ ᠰᠣᠨᠣᠰᠤᠭᠰᠠᠨ | ᠲᠡᠮᠳᠡᠭᠯᠡᠯ᠂ ᠦᠨᠡᠯᠡᠨ ᠵᠢᠱᠢᠭᠰᠡᠨ ᠮᠡᠳᠡᠭᠦᠯᠦᠯᠲᠡ ᠵᠢᠴᠢ ᠲᠤᠰᠢᠶᠠᠬᠤ ᠶᠣᠰᠣᠲᠠᠶ ᠪᠤᠰᠤᠳ ᠮᠠᠲ᠋ᠧᠷᠢᠶᠠᠯ ᠢ ᠲᠤᠰᠢᠶᠠᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ | ᠨᠢᠭᠡᠨᠲᠡ ᠢᠯᠡ ᠪᠣᠯᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠶᠣᠰᠣᠭᠠᠷ ᠬᠦᠴᠦᠨ | ᠦᠭᠡᠢ ᠪᠣᠯᠭᠠᠭᠰᠠᠨ᠂ ᠬᠠᠤᠯᠢ ᠠᠴᠠ ᠵᠥᠷᠢᠴᠡᠭᠰᠡᠨ ᠢᠶᠠᠷ ᠨᠤᠲᠠᠯᠠᠭᠳᠠᠭᠰᠠᠨ ᠪᠤᠶᠤ ᠳᠠᠬᠢᠨ ᠰᠢᠨ᠎ᠡ ᠪᠠᠷ ᠭᠠᠷᠭᠠᠬᠤ ᠪᠠᠷ | ᠱᠠᠭᠠᠷᠳᠠᠭᠰᠠᠨ ᠪᠠᠶᠢᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠤᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠳᠠᠷᠦ᠋ᠢᠬᠠᠨ ᠬᠦᠴᠦᠨ ᠦᠭᠡᠶ ᠪᠣᠯᠭᠠᠬᠤ | ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠦᠷᠢᠳᠬᠡᠯ ᠤᠨ ᠤᠨ ᠮᠡᠳᠡᠭᠦᠯᠬᠦ ᠳᠦᠷᠢᠮ ᠢ | ᠪᠠᠶᠢᠭᠤᠯᠵᠤ᠂ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠭᠤᠴᠢᠨ ᠨᠢᠭᠡᠨ ᠤ ᠡᠳᠦᠷ ᠠᠴᠠ ᠡᠮᠦᠨ᠎ᠡ ᠠᠳᠠᠯᠢ ᠱᠠᠲᠤᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠭᠡᠷ᠎ᠡ ᠵᠢᠯ ᠤᠨ ᠪᠠᠶᠢᠳᠠᠯ ᠵᠢᠴᠢ ᠬᠤᠯᠪᠣᠭᠳᠠᠯ | ᠪᠦᠬᠦᠢ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠬᠤᠷᠢᠶᠠᠩᠭᠤᠶᠢᠯᠠᠨ ᠵᠠᠳᠠᠯᠤᠭᠰᠠᠨ ᠤ ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ | ᠳᠡᠭᠡᠷ᠎ᠡ ᠨᠢᠭᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | | ᠬᠤᠶᠠᠳᠤᠭᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠣᠭᠲᠠᠭᠠᠯ ᠶᠣᠰᠣᠭᠠᠷ ᠦᠰᠦᠭ ᠪᠢᠴᠢᠭ᠂ | ᠳᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠯ ᠤᠨ ᠠᠷᠭ᠎ᠠ ᠬᠡᠯᠪᠡᠷᠢ ᠠᠪᠴᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠬᠢᠯᠡᠭᠦᠯᠬᠦ᠂ ᠪᠠᠶᠢᠴᠠᠭᠠᠵᠤ ᠭᠡᠷᠡᠴᠢ ᠠᠪᠬᠤ᠂ ᠬᠢᠨᠠᠨ ᠬᠠᠷᠭᠤᠭᠤᠯᠵᠤ ᠲᠣᠭᠲᠠᠭᠠᠬᠤ᠂ | ᠬᠦᠷᠭᠡᠵᠦ ᠭᠦᠢᠴᠡᠳᠭᠡᠬᠦ ᠵᠡᠷᠭᠡ ᠪᠥᠬᠦ ᠶᠠᠪᠤᠴᠠ ᠶᠢ ᠲᠡᠮᠳᠡᠭᠯᠡᠬᠦ ᠶᠢᠨ ᠬᠠᠮᠲᠤ᠂ ᠳᠠᠭᠤ ᠳᠦᠷᠰᠦ ᠰᠢᠩᠭᠡᠭᠡᠯᠲᠡ ᠶᠢᠨ | ᠲᠡᠮᠳᠡᠭᠯᠡᠯ ᠢᠶᠠᠨ ᠬᠤᠷᠢᠨ ᠳᠥᠷᠪᠡᠨ ᠴᠠᠭ ᠤᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠬᠦ ᠰᠢᠰᠲ᠋ᠧᠮ ᠳᠤ ᠳᠠᠮᠵᠢᠭᠤᠯᠬᠤ ᠬᠡᠷᠡᠭᠲᠡᠶ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ | ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃ ᠬᠠᠤᠯᠢ ᠳᠤ | ᠲᠣᠭᠲᠠᠭᠠᠭᠰᠠᠨ ᠬᠠᠳᠠᠭᠠᠯᠠᠬᠤ ᠬᠤᠭᠤᠴᠠᠭᠠᠨ ᠳᠣᠲᠣᠷ᠎ᠠ ᠪᠦᠷᠢᠨ ᠪᠦᠲᠦᠨ ᠦᠰᠦᠭ ᠪᠢᠴᠢᠭ ᠤᠨ ᠲᠡᠮᠳᠡᠭᠯᠡᠯ᠂ ᠳᠠᠭᠤ | ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠵᠢᠴᠢ ᠤᠭ ᠲᠡᠮᠳᠡᠭᠯᠡᠯ ᠢ ᠪᠠᠲᠤᠯᠠᠵᠤ᠂ ᠤᠯᠤᠰ ᠠᠴᠠ | ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠦᠰᠦᠭ ᠪᠢᠴᠢᠭ᠂ | ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠨᠢᠭᠤᠴᠠ ᠶᠢ ᠬᠠᠮᠠᠭᠠᠯᠠᠬᠤ ᠠᠵᠢᠯ ᠤᠨ | ᠬᠤᠯᠪᠤᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠬᠢᠨᠠᠨ ᠪᠠᠶᠢᠴᠠᠭᠠᠬᠤ᠂ ᠰᠢᠭᠦᠨ ᠲᠠᠰᠤᠯᠬᠤ᠂ | ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠢᠨᠠᠨ ᠪᠣᠳᠣᠬᠤ ᠵᠡᠷᠭᠡ ᠲᠥᠷᠥ ᠶᠢᠨ ᠪᠠᠶᠢᠭᠤᠯᠭ᠎ᠠ ᠶᠢ ᠬᠠᠪᠰᠤᠷᠤᠨ | ᠬᠡᠷᠡᠭ ᠰᠢᠢᠳᠪᠤᠷᠢᠯᠡᠬᠦ ᠬᠡᠷᠡᠭᠴᠡᠭᠡ ᠠᠴᠠ ᠪᠣᠯᠵᠤ᠂ ᠬᠤᠯᠪᠣᠭᠳᠠᠯ ᠪᠦᠬᠦᠢ ᠬᠡᠷᠡᠭ ᠤᠨ ᠬᠠᠤᠯᠢ ᠬᠡᠷᠡᠭᠵᠢᠭᠦᠯᠬᠦ | ᠶᠠᠪᠤᠴᠠ ᠶᠢᠨ ᠲᠡᠮᠳᠡᠭᠯᠡᠯ ᠢ ᠬᠠᠤᠯᠢ ᠶᠣᠰᠣᠭᠠᠷ ᠰᠢᠯᠵᠢᠭᠦᠯᠤᠨ ᠦᠵᠡᠵᠦ᠂ ᠪᠠᠭᠤᠯᠭᠠᠨ ᠠᠪᠤᠪᠠ᠃ ᠲᠤᠬᠠᠶ ᠶᠢᠨ | ᠬᠥᠮᠦᠨ᠂ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠢ ᠬᠠᠪᠰᠤᠷᠴᠤ ᠪᠠᠶᠢᠭᠠᠳ ᠲᠡᠭᠦᠨ ᠲᠠᠢ ᠬᠤᠯᠪᠤᠭᠳᠠᠯ | ᠪᠦᠬᠦᠢ ᠬᠠᠤᠯᠢ ᠬᠡᠷᠡᠭᠵᠢᠭᠦᠯᠦᠭᠰᠡᠨ ᠶᠠᠪᠤᠴᠠ ᠶᠢᠨ ᠲᠡᠮᠳᠡᠭᠯᠡᠯ ᠢ ᠪᠠᠶᠢᠴᠠᠭᠠᠨ ᠦᠵᠡᠬᠦ᠂ ᠪᠠᠭᠤᠯᠭᠠᠬᠤ ᠶᠢ ᠱᠠᠭᠠᠷᠳᠠᠬᠤ | ᠬᠡᠷᠡᠭᠲᠡᠶ᠃ | ᠭᠤᠷᠪᠠᠳᠤᠭᠠᠷ ᠲᠤ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠬᠠᠤᠯᠢ ᠲᠦᠷᠢᠮ ᠤᠨ ᠬᠢᠨᠠᠨ | ᠬᠠᠷᠢᠭᠤᠯᠤᠯᠲᠠ | 1᠃ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠭᠠᠷᠭᠠᠬᠤ ᠠᠴᠠ ᠡᠮᠦᠨ᠎ᠡ᠂ ᠬᠠᠤᠯᠢ | ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ | ᠬᠤᠯᠪᠣᠭᠳᠠᠬᠤ᠂ ᠬᠦᠨᠳᠦ ᠶᠡᠭᠡ ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠪᠤᠶᠤ ᠨᠡᠶᠢᠭᠡᠮ ᠤᠨ ᠠᠶᠤᠯ | ᠲᠦᠭᠰᠢᠭᠦᠷᠢ ᠶᠢ ᠡᠭᠦᠰᠭᠡᠬᠦ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ | ᠶᠡᠭᠡ ᠡᠷᠬᠡ ᠠᠰᠢᠭ ᠲᠤ ᠰᠢᠭᠤᠳ ᠬᠤᠯᠪᠣᠭᠳᠠᠬᠤ᠂ ᠭᠡᠷᠡᠴᠢᠯᠡᠭᠡ ᠰᠤᠨᠤᠰᠬᠤ ᠳᠡᠰ ᠳᠠᠷᠠᠭᠠᠯᠠᠯ ᠢᠶᠠᠷ ᠳᠠᠮᠵᠢᠨ | ᠭᠠᠷᠭᠠᠭᠰᠠᠨ᠂ ᠣᠯᠠᠨ ᠬᠠᠤᠯᠢ ᠴᠠᠭᠠᠵᠠ ᠶᠢᠨ ᠬᠠᠷᠢᠴᠠᠭ᠎ᠠ ᠵᠢᠴᠢ ᠪᠤᠰᠤᠳ ᠬᠠᠤᠯᠢ ᠬᠡᠷᠡᠭᠵᠢᠭᠦᠯᠬᠦ ᠲᠣᠭᠲᠠᠭᠠᠯ ᠳᠤ | ᠬᠤᠯᠪᠣᠭᠳᠠᠭᠰᠠᠨ ᠪᠠᠶᠢᠪᠡᠯ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳᠡᠰ ᠳᠠᠪᠬᠤᠷᠭ᠎ᠠ᠂ ᠬᠠᠷᠢᠶ᠎ᠠ ᠬᠦᠷᠢᠶ᠎ᠡ ᠬᠡᠪᠴᠢᠶ᠎ᠡ᠂ | ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠵᠡᠷᠭᠡ ᠬᠦᠴᠦᠨ ᠵᠦᠢᠯ ᠢ ᠦᠨᠳᠦᠰᠦᠯᠡᠵᠤ᠂ ᠬᠠᠤᠯᠢ | ᠲᠦᠷᠢᠮ ᠤᠨ ᠬᠢᠨᠠᠨ ᠬᠠᠷᠭᠤᠭᠤᠯᠬᠤ ᠵᠤᠶᠢᠯᠡᠰ ᠪᠠ ᠪᠠᠷᠢᠮᠵᠢᠶ᠎ᠠ ᠶᠢ ᠲᠣᠭᠲᠠᠭᠠᠨ᠎ᠠ᠃ ᠬᠠᠤᠯᠢ ᠬᠡᠷᠡᠭᠵᠢᠭᠦᠯᠬᠦ ᠬᠡᠷᠡᠭ ᠢ | ᠰᠢᠶ᠋ᠳᠪᠦᠷᠢᠯᠡᠬᠦ ᠬᠢᠭᠡᠳ ᠬᠠᠤᠯᠢ ᠳᠦᠷᠢᠮ ᠤᠨ ᠬᠢᠨᠠᠨ ᠬᠠᠷᠭᠤᠭᠤᠯᠬᠤ ᠶᠢ ᠰᠠᠯᠭᠠᠬᠤ ᠵᠠᠷᠴᠢᠮ ᠤᠨ ᠶᠣᠰᠣᠭᠠᠷ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ | ᠪᠠᠶᠢᠭᠤᠯᠤᠮᠵᠢ ᠶᠢ ᠲᠣᠳᠣᠷᠬᠠᠶᠢᠯᠠᠬᠤ ᠬᠡᠷᠡᠭᠲᠡᠶ᠃ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ | ᠠᠵᠢᠯ ᠤᠨ ᠬᠡᠷᠡᠭᠴᠡᠭᠡ ᠳᠤ ᠲᠣᠬᠢᠷᠠᠭᠰᠠᠨ ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠬᠡᠮ ᠲᠠᠢ ᠬᠠᠤᠯᠢ | ᠳᠦᠷᠢᠮ ᠤᠨ ᠬᠢᠨᠠᠨ ᠬᠠᠷᠭᠤᠭᠤᠯᠤᠭᠴᠢ ᠶᠢ ᠲᠤᠬᠢᠷᠠᠭᠤᠯᠤᠨ᠎ᠠ᠃ | 2᠃ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠭᠡᠬᠦ ᠪᠠᠶᠢᠭᠤᠯᠤᠮᠵᠢ ᠨᠢ ᠬᠠᠤᠯᠢ ᠳᠦᠷᠢᠮ ᠤᠨ ᠬᠢᠨᠠᠨ | ᠬᠠᠷᠭᠤᠠᠭᠤᠯᠬᠤ ᠪᠠᠶᠢᠭᠤᠯᠤᠮᠵᠢ ᠳᠤ ᠳᠡᠪᠰᠢᠭᠦᠯᠵᠦ ᠬᠢᠨᠠᠨ ᠬᠠᠷᠭᠤᠭᠤᠯᠤᠭᠤᠯᠬᠤ ᠳᠠᠭᠠᠨ᠂ ᠪᠠᠶᠢᠴᠠᠭᠠᠬᠤ᠂ ᠬᠢᠨᠠᠨ | ᠪᠠᠶᠢᠴᠠᠭᠠᠬᠤ᠂ ᠦᠨᠡᠯᠡᠨ ᠵᠢᠱᠢᠬᠦ᠂ ᠬᠠᠤᠯᠢ ᠬᠡᠷᠡᠭᠵᠢᠭᠦᠯᠬᠦ ᠲᠣᠭᠲᠠᠭᠠᠯ ᠤᠨ ᠣᠷᠣᠯᠠᠨ ᠲᠤᠭᠤᠷᠪᠢᠭᠰᠠᠨ ᠡᠬᠡ ᠪᠢᠴᠢᠭ | ᠵᠡᠷᠭᠡ ᠬᠠᠮᠢᠶ᠎ᠠ ᠪᠦᠬᠦᠢ ᠦᠨᠳᠦᠰᠦ ᠪᠠᠷᠢᠮᠲᠠ᠂ ᠭᠡᠷᠡᠴᠢ ᠪᠠᠷᠢᠮᠲᠠ᠂ ᠮᠡᠳᠡᠭᠦᠯᠦᠯᠲᠡ ᠵᠡᠷᠭᠡ ᠪᠦᠷᠢᠨ ᠢᠵᠢ | ᠮᠠᠲ᠋ᠧᠷᠢᠶᠠᠯ ᠢ ᠲᠤᠰᠢᠶᠠᠬᠤ ᠬᠡᠷᠡᠭᠲᠡᠶ᠃ | 3᠃ ᠬᠠᠤᠯᠢ ᠳᠦᠷᠢᠮ ᠢ ᠬᠢᠨᠠᠨ ᠬᠠᠷᠭᠤᠭᠤᠯᠬᠤ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠣᠯ ᠴᠤᠭᠴᠠ᠂ ᠠᠵᠢᠯᠲᠠᠨ᠂ ᠡᠷᠬᠡ ᠶᠢᠨ ᠬᠢᠵᠠᠭᠠᠷ᠂ ᠭᠡᠷᠡᠴᠢ ᠪᠠᠷᠢᠮᠲᠠ᠂ ᠲᠠᠰᠤᠯᠤᠯᠲᠠ ᠶᠢᠨ ᠰᠠᠭᠤᠷᠢ ᠪᠠᠷᠢᠮᠵᠢᠶ᠎ᠠ | ᠂ ᠳᠡᠰ ᠳᠠᠷᠠᠭᠠᠯᠠᠯ᠂ ᠪᠢᠴᠢᠭ ᠬᠠᠷ᠎ᠠ ᠵᠡᠷᠭᠡ ᠵᠦᠢᠯᠡᠰ ᠤᠨ ᠬᠠᠤᠯᠢ ᠶᠣᠰᠣᠨ ᠤ ᠴᠢᠨᠠᠷ᠂ ᠦᠨᠡᠨ ᠪᠣᠳᠠᠲᠤ ᠴᠢᠨᠠᠷ᠂ | ᠪᠦᠷᠢᠨ ᠪᠦᠲᠦᠨ ᠴᠢᠨᠠᠷ᠂ ᠳᠦᠷᠢᠮᠵᠢᠯᠳᠦ ᠴᠢᠨᠠᠷ ᠲᠤ ᠲᠠᠪᠤᠨ ᠠᠵᠢᠯ ᠤᠨ ᠡᠳᠦᠷ ᠤᠨ ᠬᠠᠤᠯᠢ ᠳᠦᠷᠢᠮ ᠤᠨ ᠬᠢᠨᠠᠨ | ᠬᠠᠷᠭᠤᠭᠤᠯᠤᠯᠲᠠ ᠬᠢᠬᠦ ᠬᠡᠷᠡᠭᠲᠡᠶ᠃ ᠡᠭᠦᠨ ᠤ ᠳᠤ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠳᠠᠭᠠᠭᠠᠨ ᠭᠦᠢᠴᠡᠳᠭᠡᠬᠦ ᠪᠠᠶᠢᠭᠤᠯᠤᠮ ᠶᠢ ᠳᠤ ᠲᠤᠰᠢᠶᠠᠵᠤ ᠬᠦᠯᠢᠶᠡᠨ ᠠᠪᠤᠭᠤᠯᠬᠤ ᠬᠡᠷᠡᠭᠲᠡᠶ᠃ ᠪᠠᠶᠢᠳᠠᠯ ᠨᠢ | ᠪᠤᠳᠤᠯᠢᠶᠠᠨᠲᠠᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠲᠦᠷᠢᠮ ᠤᠨ | ᠠᠵᠢᠯ ᠢ ᠡᠷᠬᠢᠯᠡᠨ ᠬᠠᠮᠢᠶᠠᠷᠬᠤ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠲᠠᠪᠤᠨ ᠠᠵᠢᠯ ᠤᠨ ᠡᠳᠦᠷ | ᠤᠷᠲᠤᠳᠬᠠᠵᠤ ᠪᠣᠯᠤᠨ᠎ᠠ᠃ | ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠬᠦ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ | ᠳᠦᠷᠢᠮ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠡᠷᠬᠡ ᠲᠡᠭᠰᠢ | ᠰᠤᠯᠢᠯᠴᠠᠭ᠎ᠠ ᠨᠡᠪᠲᠡᠷᠡᠯᠴᠡᠭᠡ ᠬᠢᠬᠦ ᠬᠠᠤᠯᠢ ᠪᠠᠷ ᠵᠠᠰᠠᠬᠤ ᠲᠠᠪᠴᠠᠩ ᠪᠣᠯᠤᠨ᠎ᠠ᠂ ᠵᠠᠰᠠᠭ ᠵᠠᠬᠢᠷᠭᠠᠨ ᠤ ᠵᠠᠷᠭᠤ ᠶᠢᠨ | ᠬᠡᠷᠡᠭ ᠤᠨ ᠰᠢᠭᠦᠯᠲᠡ ᠶᠢᠨ ᠤᠷᠤᠭᠰᠢᠲᠠᠶ ᠥᠷᠨᠢᠬᠦ ᠶᠢ ᠬᠦᠴᠦᠲᠡᠶ ᠠᠬᠢᠭᠤᠯᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠤᠶᠢᠯᠡᠳᠤᠯ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ | ᠵᠠᠬᠢᠷᠭᠠᠨ ᠤ ᠵᠠᠷᠭᠤ ᠶᠢᠨ ᠵᠠᠭᠠᠯᠳᠤᠭᠴᠢ ᠶᠢᠨ ᠬᠠᠤᠯᠢ ᠶᠣᠰᠣᠨ ᠤ ᠡᠷᠬᠡ ᠠᠰᠢᠭ ᠪᠠ ᠵᠤᠷᠴᠢᠯ ᠵᠢᠭᠤᠷᠠᠯᠳᠤᠭᠠᠨ ᠢ | ᠦᠨᠡᠨ ᠪᠣᠳᠠᠲᠠᠶ ᠪᠠᠷ ᠠᠷᠢᠯᠭᠠᠬᠤ ᠳᠤ ᠴᠢᠬᠤᠯᠠ ᠤᠶᠢᠯᠡᠳᠤᠯ ᠦᠵᠡᠭᠦᠯᠪᠡ᠃ ᠭᠤᠤᠯᠳᠠᠭᠤ ᠳᠣᠤᠷᠠᠬᠢ ᠳᠥᠷᠪᠡᠨ | ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ᠨᠢᠭᠡᠳᠦᠭᠡᠷ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ | ᠵᠠᠷᠭᠤ ᠬᠦᠯᠢᠶᠡᠬᠦ ᠬᠡᠪᠴᠢᠶ᠎ᠡ | ᠵᠠᠰᠠᠭ ᠵᠠᠬᠢᠷᠭᠠᠨ ᠤ ᠪᠠᠶᠢᠭᠤᠯᠭ᠎ᠠ ᠭᠡᠳᠡᠭ ᠨᠢ ᠮᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ | ᠲᠡᠭᠦᠨ ᠤ ᠠᠵᠢᠯ ᠤᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ | ᠨᠡᠶᠢᠭᠡᠮ ᠲᠤᠭᠤᠷᠢᠭ ᠢ ᠵᠢᠭᠠᠵᠤ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠳᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠢᠩᠬᠢ ᠨᠢ ᠲᠤᠰᠢᠶᠠᠯ᠂ ᠳᠡᠳ᠋ ᠲᠤᠰᠢᠶᠠᠯ ᠲᠠᠢ ᠬᠠᠷᠢᠭᠤᠴᠠᠯᠭᠠᠲᠠᠨ ᠵᠢᠴᠢ ᠬᠤᠪᠢᠳᠠᠨ | ᠬᠠᠮᠢᠶᠠᠷᠴᠤ ᠪᠠᠶᠢᠭ᠎ᠠ ᠪᠤᠰᠤᠳ ᠬᠠᠷᠢᠭᠤᠴᠠᠯᠭᠠᠲᠠᠨ ᠪᠠᠭᠲᠠᠨ᠎ᠠ᠃ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ | ᠬᠡᠷᠡᠭᠴᠡᠭᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠲᠠᠢ ᠬᠠᠮᠲᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠵᠦ ᠪᠤᠯᠤᠨ᠎ᠠ᠃ | ᠳᠣᠤᠷ᠎ᠠ ᠵᠢᠭᠰᠠᠭᠠᠭᠰᠠᠨ ᠨᠠᠶ᠋ᠮᠠᠨ ᠲᠦᠷᠦᠯ ᠤᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠲᠤ᠂ | ᠵᠠᠭᠠᠯᠳᠤᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠬᠦ ᠬᠡᠷᠡᠭᠲᠡᠶ᠄ | ︵1︶ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠵᠠᠰᠠᠭ ᠵᠠᠬᠢᠷᠭᠠᠨ ᠤ | ᠪᠠᠶᠢᠭᠤᠯᠭ᠎ᠠ ᠵᠠᠷᠭᠤ ᠢᠯᠠᠭᠳᠠᠭᠰᠠᠨ᠂ ᠬᠤᠶᠠᠳᠤᠭᠠᠷ ᠰᠢᠭᠦᠯᠲᠡ ᠶᠢᠨ ᠲᠢᠩᠬᠢᠮ ᠨᠡᠭᠡᠭᠡᠵᠦ ᠰᠢᠭᠦᠭᠰᠡᠨ ᠬᠡᠷᠡᠭ︔ | ︵2︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠢᠭᠡᠳᠦᠭᠡᠷ ᠰᠢᠭᠦᠯᠲᠡ ᠳᠤ ᠣᠷᠣᠯᠴᠠᠵᠤ | ᠵᠠᠷᠭᠤ ᠬᠦᠯᠢᠶᠡᠭᠰᠡᠨ ᠦᠭᠡᠢ ᠪᠣᠯᠪᠠᠴᠤ ᠬᠤᠶᠠᠳᠤᠭᠠᠷ ᠰᠢᠭᠦᠯᠲᠡ ᠳᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ | ᠴᠢᠬᠤᠯᠠ ᠲᠠᠢ ᠭᠡᠵᠦ ᠦᠵᠡᠭᠰᠡᠨ ᠬᠡᠷᠡᠭ︔ | ︵3︶ ᠠᠷᠠᠳ ᠤᠨ ᠰᠢᠭᠦᠬᠦ ᠬᠤᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ | ᠰᠢᠭᠦᠯᠲᠡ ᠳᠤ ᠣᠷᠣᠯᠴᠠᠭᠤᠯᠬᠤ ᠪᠠᠷ ᠪᠢᠴᠢᠭ ᠢᠶᠠᠷ ᠰᠠᠨᠠᠭᠤᠯᠤᠭᠰᠠᠨ ᠬᠡᠷᠡᠭ︔ | ︵4︶ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠨᠡᠶᠢᠭᠡᠮ ᠤᠨ | ᠠᠩᠬᠠᠷᠤᠯ ᠤᠨ ᠬᠡᠮᠵᠢᠶ ᠡ ᠪᠠᠷ ᠥᠨᠳᠥᠷ ᠪᠤᠶᠤ ᠬᠠᠮᠲᠤᠯᠢᠭ ᠤᠨ ᠴᠢᠨᠠᠷᠲᠠᠶ ᠬᠡᠷᠡᠭ ᠢ ᠡᠭᠦᠰᠭᠡᠵᠦ ᠮᠡᠳᠡᠬᠦ ᠬᠡᠷᠡᠭ︔ | ︵5︶ ᠪᠠᠶᠢᠴᠠᠭᠠᠬᠤ ᠪᠠᠶᠢᠭᠤᠯᠭ᠎ᠠ ᠶᠢᠨ ᠳᠤᠷᠠᠳᠤᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ᠄ | ︵6︶ ᠵᠠᠰᠠᠭ ᠵᠠᠬᠢᠷᠭᠠᠨ ᠤ ᠲᠥᠯᠥᠪᠦᠷᠢ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠬᠡᠷᠡᠭ︔ | ︵7︶ ᠨᠡᠶᠢᠭᠡᠮ ᠤᠨ ᠨᠥᠯᠥᠭᠡ ᠨᠡᠯᠢᠶᠡᠳ ᠶᠡᠭᠡ᠂ ᠬᠡᠷᠡᠭ ᠤᠨ ᠪᠠᠶᠢᠳᠠᠯ ᠨᠢ ᠨᠠᠷᠢᠨ ᠪᠤᠳᠤᠯᠢᠶᠠᠨᠲᠠᠶ ᠪᠤᠶᠤ | ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠬᠦᠨᠳᠦ ᠶᠡᠭᠡ ᠨᠥᠯᠥᠭᠡ | ᠭᠠᠷᠠᠭᠠᠵᠤ ᠮᠡᠳᠡᠬᠦ ᠬᠡᠷᠡᠭ︔ | ︵8︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠬᠤ ᠳᠠᠭᠠᠨ | ᠮᠠᠷᠭᠤᠭᠠᠨ ᠢ ᠰᠢᠳᠳᠪᠤᠷᠢᠯᠡᠬᠦ ᠳᠤ ᠨᠡᠩ ᠠᠰᠢᠭᠲᠠᠶ ᠬᠡᠷᠡᠭ᠃ | ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ | ᠣᠷᠣᠯᠴᠠᠵᠤ ᠵᠠᠷᠭᠤ ᠬᠦᠯᠢᠶᠡᠬᠦ ᠶᠣᠰᠣᠲᠠᠶ ᠬᠡᠷᠡᠭ ᠠᠴᠠ ᠭᠠᠳᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠦᠭᠡᠢ ᠪᠣᠯ᠂ ᠨᠢᠭᠡ ᠠᠴᠠ ᠬᠤᠶᠠᠷ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠵᠢᠯᠲᠠᠨ ᠳᠤ ᠨᠠᠶᠢᠳᠠᠵᠤ ᠵᠠᠷᠭᠤ ᠶᠢᠨ | ᠣᠷᠣᠯᠠᠭᠴᠢ ᠶᠢᠨ ᠬᠤᠪᠢ ᠪᠠᠷ ᠵᠠᠷᠭᠤ ᠳᠤ ᠣᠷᠣᠯᠴᠠᠭᠤᠯᠵᠤ ᠪᠣᠯᠤᠨ᠎ᠠ᠂ ᠪᠠᠰᠠ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠠᠵᠢᠯᠳᠠᠨ ᠪᠠ ᠠᠯᠪᠠᠨ ᠲᠤᠰᠢᠶᠠᠯᠳᠤ ᠬᠠᠤᠯᠢᠴᠢ᠂ ᠬᠠᠤᠯᠢ ᠴᠠᠭᠠᠵᠠ ᠶᠢᠨ ᠵᠥᠪᠯᠡᠭᠴᠢ ᠵᠡᠷᠭᠡ ᠳᠤ | ᠨᠠᠶᠢᠳᠠᠵᠤ ᠵᠠᠷᠭᠤ ᠶᠢᠨ ᠣᠷᠣᠯᠠᠭᠴᠢ ᠶᠢᠨ ᠬᠤᠪᠢ ᠪᠠᠷ ᠵᠠᠷᠭᠤ ᠳᠤ ᠣᠷᠣᠯᠴᠠᠭᠤᠯᠵᠤ ᠪᠣᠯᠤᠨ᠎ᠠ᠃ ᠲᠡᠷᠡᠴᠢᠯᠡᠨ | ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠵᠤ ᠵᠠᠷᠭᠤ ᠬᠦᠯᠢᠶᠡᠨ ᠠᠪᠴᠤ ᠴᠢᠳᠠᠬᠤ ᠦᠭᠡᠢ ᠪᠢᠴᠢᠭ ᠤᠨ ᠪᠢᠴᠢᠭ ᠮᠠᠲ᠋ᠧᠷᠢᠶᠠᠯ ᠢ ᠲᠦᠰᠢᠶᠡᠵᠤ᠂ | ᠭᠡᠪᠡᠴᠦ ᠵᠥᠪᠬᠡᠨ ᠬᠠᠤᠯᠢᠴᠢ ᠳᠤ ᠨᠠᠶᠢᠳᠠᠵᠤ ᠰᠢᠭᠦᠯᠲᠡ ᠳᠤ ᠣᠷᠣᠯᠴᠠᠭᠤᠯᠤᠨ ᠵᠠᠷᠭᠤ ᠳᠤ ᠣᠷᠣᠯᠴᠠᠭᠤᠯᠵᠤ ᠪᠣᠯᠬᠤ | ᠦᠭᠡᠢ᠃ | ᠬᠤᠶᠠᠳᠤᠭᠠᠷ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ | ᠵᠠᠷᠭᠤ ᠬᠦᠯᠢᠶᠡᠬᠦ ᠦᠨᠳᠦᠰᠦᠨ ᠱᠠᠭᠠᠷᠳᠠᠯᠭ᠎ᠠ | ᠵᠠᠭᠠᠯᠳᠤᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠲᠤᠰᠢᠶᠠᠯ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠭᠡᠵᠤ᠂ ᠢᠳᠡᠪᠬᠢᠲᠡᠶ ᠰᠢᠭᠦᠯᠲᠡ ᠳᠤ ᠣᠷᠣᠯᠴᠠᠨ | ᠵᠠᠷᠭᠤ ᠬᠦᠯᠢᠶᠡᠬᠦ ᠬᠡᠷᠡᠭᠲᠡᠶ᠃ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠪᠠ ᠪᠤᠰᠤᠳ ᠨᠠᠶᠢᠳᠠᠭᠰᠠᠨ ᠣᠷᠣᠯᠠᠭᠴᠢ ᠶᠢᠨ ᠪᠣᠳᠠᠲᠠᠶ ᠵᠢᠱᠢᠭᠳᠡᠭᠴᠢ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠬᠠᠤᠯᠢ ᠳᠦᠷᠢᠮ ᠤᠨ ᠪᠠᠶᠢᠭᠤᠯᠤᠮᠵᠢ ᠠᠴᠠ ᠰᠠᠨᠠᠭᠤᠯᠭ᠎ᠠ ᠳᠤᠷᠠᠳᠴᠤ᠂ ᠭᠤᠤᠯ | ᠬᠠᠷᠢᠭᠤᠴᠠᠯᠭᠠᠲᠠᠨ ᠪᠤᠶᠤ ᠬᠠᠤᠯᠢ ᠳᠦᠷᠢᠮ ᠤᠨ ᠠᠵᠢᠯ ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠳᠤ | ᠮᠡᠳᠡᠭᠦᠯᠦᠨ ᠲᠣᠭᠲᠠᠭᠠᠯᠭᠠᠨ᠎ᠠ᠃ | ᠮᠠᠨ ᠤ ᠰᠢᠶᠠᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ | ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠯᠤᠨ ᠬᠠᠤᠯᠢ ᠳᠦᠷᠢᠮ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ | ᠡᠷᠬᠡᠪᠰᠢ ᠰᠢᠭᠦᠯᠲᠡ ᠳᠤ ᠣᠷᠣᠯᠴᠠᠨ ︽ᠨᠠᠶ᠋ᠮᠠᠨ ᠲᠥᠷᠥᠯ ᠤᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ︾ ᠢ | ᠬᠦᠯᠢᠶᠡᠨ ᠠᠪᠬᠤ ᠬᠡᠷᠡᠭᠲᠡᠶ᠃ ᠲᠢᠩᠬᠢᠮ ᠤᠨ ᠰᠢᠭᠦᠯᠲᠡ ᠠᠴᠠ ᠡᠮᠦᠨ᠎ᠡ ᠬᠠᠤᠯᠢ ᠲᠦᠷᠢᠮ ᠤᠨ ᠪᠠᠶᠢᠭᠤᠯᠤᠮᠵᠢ ᠪᠠ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠵᠢᠯᠣᠭᠤᠳᠤᠨ ᠰᠢᠪᠠᠳᠠᠵᠤ ᠪᠠᠶᠢᠭᠠᠳ ᠬᠡᠷᠡᠭ ᠤᠨ ᠪᠠᠶᠢᠳᠠᠯ ᠢ | ᠵᠠᠳᠠᠯᠬᠤ ᠪᠠ ᠭᠡᠷᠡᠴᠢ ᠪᠠᠷᠢᠮᠲᠠ᠂ ᠦᠨᠳᠤᠰᠤᠯᠡᠯ ᠵᠡᠷᠭᠡ ᠵᠠᠷᠭᠤ ᠬᠦᠯᠢᠶᠡᠬᠦ ᠮᠠᠲ᠋ᠧᠷᠢᠶᠠᠯ ᠤᠨ ᠪᠡᠯᠡᠳᠬᠡᠯ ᠠᠵᠢᠯ ᠢ ᠴᠠᠭ | ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ ᠲᠢᠩᠬᠢᠮ ᠤᠨ ᠰᠢᠭᠦᠯᠲᠡ ᠳᠤ ᠰᠢᠭᠦᠬᠦ ᠲᠢᠩᠬᠢᠮ ᠤᠨ ᠰᠠᠬᠢᠯᠭ᠎ᠠ ᠪᠠᠲᠤ ᠶᠢ | ᠴᠢᠩᠭ᠎ᠠ ᠵᠢᠷᠤᠮᠯᠠᠵᠤ᠂ ᠨᠦᠭᠦᠭᠡ ᠲᠠᠯ᠎ᠠ ᠶᠢᠨ ᠲᠤᠬᠠᠶ ᠶᠢᠨ ᠬᠥᠮᠦᠨ ᠤ ᠡᠷᠬᠡ ᠶᠢ ᠬᠦᠨᠳᠦᠳᠬᠡᠬᠦ ᠬᠡᠷᠡᠭᠲᠡᠶ᠃ | ᠢᠳᠡᠪᠬᠢᠲᠡᠶ ᠪᠠᠷ ᠶᠠᠷᠢᠶ᠎ᠠ ᠲᠠᠯᠪᠢᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠤ ᠮᠥᠨ ᠴᠢᠨᠠᠷ ᠢ ᠠᠷᠢᠯᠭᠠᠬᠤ ᠶᠢ | ᠲᠦᠷᠦᠭᠦᠯᠡᠨ ᠠᠬᠢᠭᠤᠯᠵᠤ᠂ ᠰᠢᠭᠦᠯᠲᠡ ᠳᠤ ᠣᠷᠣᠯᠴᠠᠬᠤ ᠠᠴᠠ ᠵᠠᠶᠢᠯᠠᠰᠬᠢᠬᠦ ᠬᠡᠷᠡᠭᠲᠡᠶ᠃ ᠬᠡᠷᠡᠭ ᠢ ᠰᠢᠭᠦᠵᠦ | ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ ᠠᠷᠠᠳ ᠤᠨ ᠰᠢᠭᠦᠬᠦ | ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠯᠲᠠ᠂ ᠲᠣᠭᠲᠠᠭᠠᠯᠲᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ | ᠰᠢᠭᠦᠬᠦ ᠬᠤᠷᠢᠶᠠᠨ ᠤ ᠬᠠᠤᠯᠢ ᠪᠠᠷᠢᠬᠤ ᠰᠠᠨᠠᠭᠤᠯᠭ᠎ᠠ ᠶᠢ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠᠳᠤᠭᠠᠷ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠨ ᠵᠠᠷᠭᠤ ᠬᠦᠯᠢᠶᠡᠬᠦ ᠬᠠᠷᠢᠭᠤᠴᠠᠯᠭ᠎ᠠ ᠶᠢᠨ ᠬᠤᠪᠢᠶᠠᠷᠢᠯᠠᠯ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠦᠭᠡᠢ ᠬᠡᠷᠡᠭ ᠲᠤ ᠵᠠᠭᠠᠯᠳᠤᠭᠳᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠬᠤᠶᠠᠷ ᠠᠴᠠ ᠳᠡᠭᠡᠭᠰᠢᠬᠢ ᠵᠠᠰᠠᠭ | ᠵᠠᠬᠢᠷᠭᠠᠨ ᠤ ᠪᠠᠶᠢᠭᠤᠯᠭ᠎ᠠ ᠠᠳᠠᠯᠢ ᠨᠢᠭᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢ ᠬᠠᠮᠲᠤ ᠪᠠᠷ ᠬᠢᠭᠰᠡᠨ ᠵᠠᠰᠠᠭ ᠵᠠ ᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠭᠰᠠᠨ ᠵᠣᠬᠢᠶᠠᠨ | ᠪᠠᠶᠢᠭᠤᠯᠤᠯᠲᠠ ᠶᠢᠨ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠨᠠᠶᠢᠳᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ | ᠪᠠᠶᠢᠭᠤᠯᠭ᠎ᠠ ᠨᠢ ᠬᠠᠰᠤᠭᠳᠠᠭᠰᠠᠨ ᠪᠤᠶᠤ ᠡᠷᠬᠡ ᠲᠤᠰᠢᠶᠠᠯ ᠢᠶᠠᠨ ᠬᠤᠪᠢᠷᠠᠭᠤᠯᠤᠭᠰᠠᠨ ᠪᠠᠶᠢᠪᠡᠯ᠂ ᠲᠡᠭᠦᠨ ᠤ ᠡᠷᠬᠡ | ᠲᠤᠰᠢᠶᠠᠯ ᠢ ᠦᠷᠭᠦᠯᠵᠢᠯᠡᠨ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠠᠵᠢᠯ ᠢ ᠬᠠᠷᠢᠭᠤᠴᠠᠨ᠎ᠠ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ | ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ ᠪᠠᠷᠢᠮᠲᠠᠯᠠᠬᠤ ᠪᠠᠷ ᠲᠣᠭᠲᠠᠭᠰᠠᠨ ᠪᠠᠶᠢᠪᠡᠯ | ᠵᠠᠰᠠᠭ ᠤᠨ ᠵᠠᠷᠭᠤ ᠬᠦᠯᠢᠶᠡᠬᠦ ᠠᠵᠢᠯ᠂ ᠤᠤᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ ᠤᠤᠯ ᠤᠨ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠲᠤ ᠭᠡᠷᠡᠴᠢ ᠳᠤᠷᠠᠳᠬᠤ ᠬᠠᠷᠢᠭᠤᠴᠠᠯᠭ᠎ᠠ ᠶᠢ | ᠡᠭᠦᠷᠭᠡᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠡᠰ | ᠳᠠᠷᠠᠭᠠᠯᠠᠯ ᠤᠨ ᠬᠠᠤᠯᠢ ᠶᠣᠰᠣᠴᠢ ᠴᠢᠨᠠᠷ ᠲᠤ ᠭᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ | ᠬᠤᠪᠢᠷᠠᠭᠤᠯᠤᠭᠰᠠᠨ ᠪᠣᠯ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠬᠠᠤᠯᠢ ᠳᠤ | ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠭᠰᠡᠨ ᠲᠣᠭᠲᠠᠭᠠᠯ ᠭᠠᠷᠭᠠᠭᠰᠠᠨ ᠦᠭᠡᠢ᠂ ᠠᠷᠠᠳ ᠢᠷᠭᠡᠨ᠂ | ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠤᠤᠯ ᠤᠨ ᠵᠠᠰᠠᠭ ᠵᠠᠬᠢᠷᠭᠠᠨ ᠤ ᠤᠶᠢᠯᠡ | ᠠᠵᠢᠯᠯᠠᠭ᠎ᠠ ᠶᠢ ᠵᠠᠭᠠᠯᠳᠤᠭᠰᠠᠨ ᠪᠠᠶᠢᠪᠠᠯ᠂ ᠤᠤᠯ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠨ᠎ᠡ︔ ᠳᠠᠬᠢᠨ | ᠵᠥᠪᠯᠡᠬᠦ ᠪᠠᠶᠢᠭᠤᠯᠭ᠎ᠠ ᠶᠢ ᠡᠰᠡ ᠦᠶ᠋ᠯᠡᠳᠬᠦᠶ ᠭᠡᠵᠦ ᠵᠠᠭᠠᠯᠳᠤᠭᠰᠠᠨ ᠪᠠᠶᠢᠪᠠᠯ ᠳᠠᠬᠢᠨ ᠵᠥᠪᠯᠡᠬᠦ ᠬᠡᠷᠡᠭᠲᠡᠢ᠃ | ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠪᠡ᠃ | ᠭᠤᠷᠪᠠ᠂ ᠬᠢᠨᠠᠯᠲᠠ ᠲᠠᠯᠪᠢᠬᠤ ᠪᠠ ᠬᠠᠷᠢᠭᠤᠴᠠᠯᠭ᠎ᠠ | ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠬᠥᠮᠦᠰ ᠠᠴᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄ | 1. ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠤᠷᠢᠲᠤ ᠪᠣᠳᠣᠯᠭ᠎ᠠ ᠲᠣᠭᠲᠠᠭᠠᠬᠤ︾ ᠵᠡᠷᠭᠡ ᠳᠦᠷᠢᠮ ᠤᠨ ᠲᠤᠭᠲᠠᠭᠠᠯ ᠢ ᠵᠥᠷᠢᠴᠡᠭᠰᠡᠨ ᠪᠤᠶᠤ | ᠳᠤᠷ᠎ᠠ ᠪᠠᠷ ᠢᠶᠠᠨ ᠲᠣᠭᠲᠠᠭᠠᠵᠤ᠂ ᠡᠰᠡᠬᠦᠯ᠎ᠡ ᠵᠣᠷᠢᠭᠤᠳᠠ ᠤᠳᠠᠭᠠᠰᠢᠷᠠᠭᠤᠯᠤᠭᠠᠳ ᠬᠦᠨᠳᠦ ᠶᠡᠭᠡ ᠬᠤᠬᠢᠷᠠᠯ᠂ ᠮᠠᠭᠤ | ᠨᠥᠯᠥᠭᠡ ᠭᠠᠷᠭᠠᠭᠰᠠᠨ︔ | 2 . ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠠᠯᠳᠠᠭᠤᠷ ᠨᠡᠪᠲᠡᠷᠡᠯᠴᠡᠬᠦ | ᠂ ᠪᠢᠴᠢᠭ ᠮᠠᠲ᠋ᠧᠷᠢᠶᠠᠯ ᠢ ᠳᠠᠮᠵᠢᠭᠤᠯᠤᠨ ᠤᠩᠰᠢᠬᠤ ᠵᠡᠷᠭᠡ ᠬᠡᠯᠪᠡᠷᠢ ᠪᠠᠷ ᠤᠴᠢᠷ ᠶᠠᠪᠤᠳᠡᠯ ᠢ ᠣᠷᠣᠯᠠᠭᠤᠯᠤᠭᠰᠠᠨ︔ | 3 . ᠭᠦᠢᠴᠡᠳᠭᠡᠬᠦ ᠶᠠᠪᠤᠴᠠ ᠳᠤ ᠬᠠᠩᠭᠠᠭᠰᠠᠨ ᠪᠣᠳᠠᠲᠤ ᠶᠠᠪᠤᠳᠠᠯ ᠪᠠ ᠦᠨᠳᠦᠰᠦ ᠪᠠᠷᠢᠮᠲᠠ ᠨᠢ ᠬᠦᠨᠳᠦ | ᠶᠡᠭᠡ ᠵᠥᠷᠢᠶ᠎ᠡ ᠤ ᠤᠶᠤ ᠪᠤᠷᠤᠭᠤ ᠲᠠᠢ ᠪᠠᠶᠢᠬᠤ︔ | 4. ᠲᠣᠭᠲᠠᠭᠠᠯ ᠢ ᠳᠤᠷ᠎ᠠ ᠪᠠᠷ ᠢᠶᠠᠨ ᠵᠠᠰᠠᠪᠤᠷᠢ ᠣᠷᠣᠭᠤᠯᠤᠭᠰᠠᠨ ᠪᠤᠶᠤ ᠬᠡᠷᠡᠭᠵᠢᠭᠦᠯᠬᠦ ᠶᠢ ᠲᠡᠪᠴᠢᠭᠰᠡᠨ | ᠪᠥᠭᠡᠳ ᠬᠦᠨᠳᠦ ᠨᠣᠴᠢᠲᠠᠶ ᠤᠷᠰᠢᠭ ᠲᠠᠲᠠᠭᠰᠠᠨ︔ | 5. ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ | ᠬᠡᠷᠡᠭ ᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ ᠪᠠ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ | ᠳᠦᠷᠢᠮ ᠤᠨ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠠᠶᠢᠪᠡᠯ᠂ ᠡᠰᠡᠬᠦᠯ᠎ᠡ ᠬᠤᠯᠪᠣᠭᠳᠠᠯ ᠪᠦᠬᠦᠢ ᠲᠡᠮᠳᠡᠭᠯᠡᠯ ᠢ | ᠬᠠᠭᠤᠷᠮᠠᠭᠯᠠᠨ ᠵᠣᠬᠢᠶᠠᠵᠤ᠂ ᠮᠡᠳᠡᠵᠦ ᠪᠠᠶᠢᠭᠠᠳ ᠵᠠᠯᠠᠷᠠᠭᠤᠯᠬᠤ ᠦᠭᠡᠢ᠂ ᠪᠤᠷᠤᠭᠤᠳᠠᠭᠰᠠᠨ ᠪᠠᠶᠢᠲᠠᠯ᠎ᠠ ᠵᠠᠯᠠᠷᠠᠭᠤᠯᠬᠤ | ᠦᠭᠡᠢ ᠪᠠᠶᠢᠪᠡᠯ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ ᠲᠠᠢ ᠬᠥᠮᠦᠨ ᠳᠤ | ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ | ᠬᠠᠷᠢᠭᠤᠴᠠᠯᠭ᠎ᠠ ᠨᠡᠬᠡᠮᠵᠢᠯᠡᠨ᠎ᠡ︔ | 6 . ᠬᠠᠮᠲᠤ ᠪᠠᠷ ᠰᠢᠢᠳᠪᠤᠷᠢᠲᠤ ᠪᠤᠳᠤᠯᠭ᠎ᠠ ᠲᠣᠭᠲᠠᠭᠠᠬᠤ ᠳᠤ ᠠᠯᠳᠠᠰᠢ ᠭᠠᠷᠭᠠᠭᠰᠠᠨ ᠪᠤᠶᠤ ᠰᠠᠬᠢᠯᠭ᠎ᠠ | ᠪᠠᠲᠤ ᠶᠢ ᠵᠤᠷᠢᠴᠡᠨ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠪᠠᠶᠢᠵᠤ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ︔ | | 7. ᠬᠠᠷᠢᠭᠤᠴᠠᠯᠭᠠᠲᠤ ᠨᠢᠭᠡᠴᠡ ᠪᠤᠶᠤ ᠳᠠᠭᠠᠭᠠᠨ ᠠᠪᠴᠤ ᠰᠢᠢᠳᠪᠤᠷᠢᠯᠡᠬᠦ ᠨᠢᠭᠡᠴᠡ ᠲᠣᠭᠲᠠᠭᠠᠯ ᠶᠣᠰᠣᠭᠠᠷ | ᠭᠦᠢᠴᠡᠳᠭᠡᠭᠰᠡᠨ ᠦᠭᠡᠢ ᠪᠣᠯ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ | ᠬᠠᠭᠤᠷᠮᠠᠭᠯᠠᠨ ᠵᠣᠬᠢᠶᠠᠭᠰᠠᠨ᠂ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠡᠳ ᠳᠠᠷᠤᠭᠠᠳ ᠮᠡᠳᠡᠭᠦᠯᠦᠭᠰᠡᠨ᠂ | ᠬᠤᠳᠠᠯ ᠢᠶᠠᠷ ᠮᠡᠳᠡᠭᠦᠯᠦᠭᠰᠡᠨ ᠪᠤᠶᠤ ᠮᠡᠳᠡᠭᠦᠯᠬᠦ ᠠᠴᠠ ᠣᠷᠬᠢᠭᠳᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ | ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠠᠴᠠ ᠬᠠᠤᠯᠢ ᠶᠣᠰᠣᠭᠠᠷ ᠬᠠᠷᠢᠭᠤᠴᠠᠯᠭ᠎ᠠ | ᠨᠡᠬᠡᠮᠵᠢᠯᠡᠨ᠎ᠡ︔ | 8. ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠳᠠᠭᠠᠭᠠᠨ ᠠᠪᠴᠤ ᠭᠦᠢᠴᠡᠳᠭᠡᠬᠦ | ᠳᠠᠭᠠᠭᠠᠨ ᠭᠦᠢᠴᠡᠳᠭᠡᠬᠦ ᠨᠢᠭᠡᠴᠢ ᠨᠢ ᠠᠵᠢᠯ ᠮᠡᠷᠭᠡᠵᠢᠯ ᠤᠨ ᠶᠣᠰᠣ ᠮᠣᠷᠠᠯ ᠪᠠ ᠬᠤᠯᠪᠤᠭᠳᠠᠯ ᠪᠦᠬᠦᠢ ᠲᠣᠭᠲᠠᠭᠠᠯ ᠢ | ᠵᠥᠷᠢᠴᠡᠭᠰᠡᠨ ᠪᠠᠶᠢᠪᠠᠯ᠂ ᠵᠠᠷᠯᠠᠨ ᠰᠢᠭᠦᠮᠵᠢᠯᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠵᠠᠯᠠᠷᠠᠭᠤᠯᠤᠭᠤᠯᠤᠨ᠎ᠠ︔ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠳᠠᠭᠠᠭᠠᠨ ᠠᠪᠴᠤ ᠰᠢᠢᠳᠪᠤᠷᠢᠯᠡᠬᠦ | ᠬᠢᠷᠢ ᠬᠡᠮ ᠢ ᠨᠢ ᠬᠠᠰᠤᠵᠤ᠂ ᠵᠣᠬᠢᠴᠠᠩᠭᠤᠶ ᠬᠠᠷᠢᠭᠤᠴᠠᠯᠭ᠎ᠠ ᠶᠢ ᠬᠠᠮᠲᠤ ᠳᠤᠨᠢ ᠡᠭᠦᠷᠭᠡᠯᠡᠨ᠎ᠡ︔ | 9. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠭᠰᠡᠨ ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠰᠢᠭᠦᠯᠲᠡ ᠳᠤ ᠣᠷᠣᠯᠴᠠᠬᠤ᠂ ᠰᠢᠭᠦᠬᠦ | ᠬᠤᠷᠢᠶ᠎ᠠ ᠠᠴᠠ ᠰᠢᠭᠦᠯᠲᠡ ᠳᠤ ᠣᠷᠣᠯᠴᠠᠬᠤ ᠪᠠᠷ ᠰᠠᠨᠠᠭᠤᠯᠤᠭᠰᠠᠨ ᠪᠣᠯᠪᠠᠴᠤ ᠮᠥᠨ ᠰᠢᠭᠦᠯᠲᠡ ᠳᠤ ᠣᠷᠣᠯᠴᠠᠬᠤ | ᠦᠭᠡᠢ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠷᠢᠭᠤᠴᠠᠯᠭᠠᠲᠠᠨ᠃ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢ ᠬᠢᠨᠠᠨ ᠰᠢᠯᠭᠠᠬᠤ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠠᠴᠠ ᠵᠠᠷᠯᠠᠨ | ᠮᠡᠳᠡᠭᠳᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ᠂ ᠮᠠᠭᠤ ᠨᠥᠯᠥᠭᠡ ᠭᠠᠷᠭᠠᠭᠰᠠᠨ ᠪᠠᠶᠢᠪᠠᠯ᠂ ᠡᠷᠬᠡᠲᠦ | ᠪᠠᠶᠢᠭᠤᠯᠭ᠎ᠠ ᠳᠤ ᠬᠠᠤᠯᠢ ᠶᠣᠰᠣᠭᠠᠷ ᠵᠠᠰᠠᠭ ᠤᠨ ᠶᠠᠪᠤᠳᠠᠯ ᠤᠨ ᠰᠢᠳᠬᠡᠯ ᠥᠭᠭᠦᠭᠦᠯᠬᠦ ᠪᠠᠷ ᠳᠡᠪᠰᠢᠭᠦᠯᠦᠨ᠎ᠡ︔ | 10. 10 ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠵᠤᠶᠢᠯ ᠤᠨ ᠪᠠᠶᠢᠳᠠᠯ᠃ | | | ᠣᠷᠴᠢᠭᠤᠯᠤᠭᠴᠢ᠄ ᠨᠠᠷᠠᠰᠤ ᠡᠷᠳᠡᠨᠢᠭᠤᠸ᠎ᠠ | |