| | | | | 5 ᠰᠠᠷ᠎ᠠ ᠶᠢᠨ 8 ᠤ ᠡᠳᠦᠷ ᠪᠣᠯ 73 ᠳ᠋ᠤᠭᠠᠷ ᠤᠳᠠᠭᠠᠨ ᠤ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ | ᠡᠳᠦᠷ︾ ᠪᠠᠶᠢᠵᠤ᠂ ᠨᠠᠩ ᠣᠯᠠᠨ ᠨᠡᠶᠢᠭᠡᠮ ᠤᠨ ᠬᠦᠴᠦᠨ ᠢ ᠳᠠᠶᠢᠴᠢᠯᠠᠨ ᠤᠯᠠᠭᠠᠨ ᠵᠠᠭᠠᠯᠮᠠᠶᠢᠲᠠᠨ ᠤ ᠦᠢᠯᠡᠰ ᠲᠤ | ᠣᠷᠣᠯᠴᠠᠭᠤᠯᠬᠤ ᠪᠠ ᠳᠡᠮᠵᠢᠬᠦ ᠶᠢᠨ ᠲᠥᠯᠥᠭᠡ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ | ᠰᠢᠨ᠎ᠡ ᠬᠤᠲᠠ ᠶᠢᠨ ᠠᠭᠤᠳᠠᠮ ᠲᠠᠯᠠᠪᠠᠶ ᠳᠤ ︽ᠲᠦᠭᠡᠮᠡᠯ ᠬᠠᠶᠢᠷ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ︾ | ᠶᠢ ᠥᠷᠨᠢᠭᠦᠯᠪᠡ᠃ | 5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 8 ᠴᠠᠭ ᠲᠤ᠂ ᠰᠢᠩ ᠾᠧ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠠᠯᠢ ᠡᠷᠲᠡ ᠰᠢᠨ᠎ᠡ ᠬᠤᠲᠠ ᠶᠢᠨ ᠠᠭᠤᠳᠠᠮ ᠲᠠᠯᠠᠪᠠᠶ ᠳᠤ ᠬᠦᠷᠴᠦ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠪᠠᠨ ᠲᠠᠲᠠᠵᠤ᠂ ᠣᠯᠠᠨ ᠲᠦᠮᠡᠨ ᠳᠤ ᠠᠮᠠᠪᠴᠢ᠂ ᠤᠬᠠᠭᠤᠯᠭ᠎ᠠ ᠶᠢᠨ | ᠵᠠᠷᠯᠠᠯ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠵᠣ᠂ ᠲᠤᠬᠠᠶ ᠶᠢᠨ ᠲᠠᠯᠠᠪᠠᠶ ᠳᠤ ᠠᠷᠠᠳ ᠣᠯᠠᠨ ᠤ ᠡᠯ᠎ᠡ | ᠠᠰᠠᠭᠤᠯᠲᠠ ᠳᠤ ᠵᠠᠳᠠᠯᠣᠯᠲᠠ ᠬᠢᠵᠦ᠂ ᠤᠯᠠᠭᠠᠨ ᠵᠠᠭᠠᠯᠮᠠᠶᠢᠲᠠᠨ ᠤ ᠬᠥᠳᠡᠯᠭᠡᠭᠡᠨ ᠤ ᠬᠠᠮᠢᠶ᠎ᠠ ᠪᠥᠬᠦᠶ ᠮᠡᠳᠡᠯᠭᠡ ᠶᠢ | ᠣᠯᠠᠨ ᠲᠦᠮᠡᠨ ᠳᠤ ᠤᠬᠠᠭᠤᠯᠵᠤ᠂ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ᠂ ᠡᠷᠡᠭᠦᠯ | ᠮᠡᠨᠳᠦ ᠶᠢᠨ ᠬᠥᠮᠦᠵᠢᠯ ᠵᠡᠷᠭᠡ ᠮᠡᠳᠡᠯᠭᠡ ᠶᠢ ᠲᠠᠮᠵᠢᠭᠤᠯᠵᠦ ᠦᠭᠪᠡ᠃ ᠠᠵᠢᠯᠯᠠᠭ᠎ᠠ ᠶᠢᠨ ᠳᠤᠮᠳᠠ᠂ ᠣᠯᠠᠨ | ᠲᠦᠮᠡᠨ ᠳᠤ ᠪᠠᠷᠤᠭ 1500 ᠬᠤᠪᠢ ᠠᠮᠠᠪᠴᠢ᠂ 3000 ᠭᠠᠷᠤᠶ ᠤᠬᠠᠭᠤᠯᠭ᠎ᠠ ᠶᠢᠨ ᠳᠡᠪᠲᠡᠷ ᠢ ᠲᠠᠷᠬᠠᠭᠠᠵᠠᠶ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠲᠦᠭᠡᠮᠡᠯ ᠬᠠᠶᠢᠷ᠎ᠠ ᠶᠢᠨ ᠭᠠᠷᠠᠭ ᠤᠨ | ᠤᠬᠠᠭᠤᠯᠭ᠎ᠠ ᠶᠢᠨ ᠠᠵᠢᠯᠯᠠᠭ᠎ᠠ︾ ᠶᠢᠨ ᠬᠥᠰᠢᠭᠡ ᠶᠢ ᠨᠡᠭᠡᠭᠡᠵᠦ᠂ ︽ᠬᠦᠮᠦᠨᠴᠢ ᠦᠵᠡᠯ᠂ ᠲᠦᠭᠡᠮᠡᠯ ᠬᠠᠶᠢᠷ᠎ᠠ᠂ | ᠬᠠᠨᠳᠢᠪᠯᠠᠬᠤ︾ ᠵᠡᠷᠭᠡ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠯᠠᠨ | ᠲᠦᠮᠡᠨ ᠤ ᠰᠠᠶᠢᠨ ᠳᠤᠷ᠎ᠠ ᠶᠢᠨ ᠦᠢᠯᠡᠴᠢᠯᠡᠭᠡ᠂ ᠡᠷᠡᠭᠦᠯ ᠮᠡᠨᠳᠦ ᠪᠠᠨ ᠬᠠᠮᠠᠭᠠᠯᠠᠬᠤ᠂ ᠠᠮᠢ ᠨᠠᠰᠤ ᠪᠠᠨ ᠨᠠᠨᠳᠢᠩᠨᠠᠬᠤ | ᠣᠶᠢᠯᠠᠭᠠᠭᠳᠠᠬᠤᠨ ᠢ ᠳᠡᠭᠡᠭᠰᠢᠯᠡᠭᠦᠯᠪᠡ᠃ | | | ᠣᠷᠴᠢᠭᠤᠯᠣᠭᠴᠢ᠄ ᠰᠣᠷᠭᠤᠭ | | | | | | | | |