ᠮᠠᠨ ᠤ ᠰᠢᠶᠠᠨ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ ᠤᠨ ᠲᠦᠭᠡᠮᠡᠯ ᠬᠠᠶᠢᠷ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-05-09
     5 ᠰᠠᠷ᠎ᠠ ᠶᠢᠨ 8 ᠤ ᠡᠳᠦᠷ ᠪᠣᠯ 73 ᠳ᠋ᠤᠭᠠᠷ ᠤᠳᠠᠭᠠᠨ ᠤ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾ ᠪᠠᠶᠢᠵᠤ᠂ ᠨᠠᠩ ᠣᠯᠠᠨ ᠨᠡᠶᠢᠭᠡᠮ ᠤᠨ ᠬᠦᠴᠦᠨ ᠢ ᠳᠠᠶᠢᠴᠢᠯᠠᠨ ᠤᠯᠠᠭᠠᠨ ᠵᠠᠭᠠᠯᠮᠠᠶᠢᠲᠠᠨ ᠤ ᠦᠢᠯᠡᠰ ᠲᠤ ᠣᠷᠣᠯᠴᠠᠭᠤᠯᠬᠤ ᠪᠠ ᠳᠡᠮᠵᠢᠬᠦ ᠶᠢᠨ ᠲᠥᠯᠥᠭᠡ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠰᠢᠨ᠎ᠡ ᠬᠤᠲᠠ ᠶᠢᠨ ᠠᠭᠤᠳᠠᠮ ᠲᠠᠯᠠᠪᠠᠶ ᠳᠤ ︽ᠲᠦᠭᠡᠮᠡᠯ ᠬᠠᠶᠢᠷ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ︾ ᠶᠢ ᠥᠷᠨᠢᠭᠦᠯᠪᠡ᠃      5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 8 ᠴᠠᠭ ᠲᠤ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠠᠯᠢ ᠡᠷᠲᠡ ᠰᠢᠨ᠎ᠡ ᠬᠤᠲᠠ ᠶᠢᠨ ᠠᠭᠤᠳᠠᠮ ᠲᠠᠯᠠᠪᠠᠶ ᠳᠤ ᠬᠦᠷᠴᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠪᠠᠨ ᠲᠠᠲᠠᠵᠤ᠂ ᠣᠯᠠᠨ ᠲᠦᠮᠡᠨ ᠳᠤ ᠠᠮᠠᠪᠴᠢ᠂ ᠤᠬᠠᠭᠤᠯᠭ᠎ᠠ ᠶᠢᠨ ᠵᠠᠷᠯᠠᠯ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠵᠣ᠂ ᠲᠤᠬᠠᠶ ᠶᠢᠨ ᠲᠠᠯᠠᠪᠠᠶ ᠳᠤ ᠠᠷᠠᠳ ᠣᠯᠠᠨ ᠤ ᠡᠯ᠎ᠡ ᠠᠰᠠᠭᠤᠯᠲᠠ ᠳᠤ ᠵᠠᠳᠠᠯᠣᠯᠲᠠ ᠬᠢᠵᠦ᠂ ᠤᠯᠠᠭᠠᠨ ᠵᠠᠭᠠᠯᠮᠠᠶᠢᠲᠠᠨ ᠤ ᠬᠥᠳᠡᠯᠭᠡᠭᠡᠨ ᠤ ᠬᠠᠮᠢᠶ᠎ᠠ ᠪᠥᠬᠦᠶ ᠮᠡᠳᠡᠯᠭᠡ ᠶᠢ ᠣᠯᠠᠨ ᠲᠦᠮᠡᠨ ᠳᠤ ᠤᠬᠠᠭᠤᠯᠵᠤ᠂ ᠰᠢᠨ᠎ᠡ ᠲᠢᠳᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ᠂ ᠡᠷᠡᠭᠦᠯ ᠮᠡᠨᠳᠦ ᠶᠢᠨ ᠬᠥᠮᠦᠵᠢᠯ ᠵᠡᠷᠭᠡ ᠮᠡᠳᠡᠯᠭᠡ ᠶᠢ ᠲᠠᠮᠵᠢᠭᠤᠯᠵᠦ ᠦᠭᠪᠡ᠃ ᠠᠵᠢᠯᠯᠠᠭ᠎ᠠ ᠶᠢᠨ ᠳᠤᠮᠳᠠ᠂ ᠣᠯᠠᠨ ᠲᠦᠮᠡᠨ ᠳᠤ ᠪᠠᠷᠤᠭ 1500 ᠬᠤᠪᠢ ᠠᠮᠠᠪᠴᠢ᠂ 3000 ᠭᠠᠷᠤᠶ ᠤᠬᠠᠭᠤᠯᠭ᠎ᠠ ᠶᠢᠨ ᠳᠡᠪᠲᠡᠷ ᠢ ᠲᠠᠷᠬᠠᠭᠠᠵᠠᠶ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠲᠦᠭᠡᠮᠡᠯ ᠬᠠᠶᠢᠷ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ︾ ᠶᠢᠨ ᠬᠥᠰᠢᠭᠡ ᠶᠢ ᠨᠡᠭᠡᠭᠡᠵᠦ᠂ ︽ᠬᠦᠮᠦᠨᠴᠢ ᠦᠵᠡᠯ᠂ ᠲᠦᠭᠡᠮᠡᠯ ᠬᠠᠶᠢᠷ᠎ᠠ᠂ ᠬᠠᠨᠳᠢᠪᠯᠠᠬᠤ︾ ᠵᠡᠷᠭᠡ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠯᠠᠨ ᠲᠦᠮᠡᠨ ᠤ ᠰᠠᠶᠢᠨ ᠳᠤᠷ᠎ᠠ ᠶᠢᠨ ᠦᠢᠯᠡᠴᠢᠯᠡᠭᠡ᠂ ᠡᠷᠡᠭᠦᠯ ᠮᠡᠨᠳᠦ ᠪᠠᠨ ᠬᠠᠮᠠᠭᠠᠯᠠᠬᠤ᠂ ᠠᠮᠢ ᠨᠠᠰᠤ ᠪᠠᠨ ᠨᠠᠨᠳᠢᠩᠨᠠᠬᠤ ᠣᠶᠢᠯᠠᠭᠠᠭᠳᠠᠬᠤᠨ ᠢ ᠳᠡᠭᠡᠭᠰᠢᠯᠡᠭᠦᠯᠪᠡ᠃                                                   ᠣᠷᠴᠢᠭᠤᠯᠣᠭᠴᠢ᠄ ᠰᠣᠷᠭᠤᠭ
 
ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3